8 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ 7 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ | ᠰᠠᠨᠠᠭ᠎ᠠ ᠪᠠ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ | ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠢᠨᠠᠨ | ᠬᠡᠮᠵᠢᠬᠦ ᠲᠣᠣᠷ ᠢ ᠨᠢᠭᠲᠠ ᠰᠦᠯᠵᠢᠵᠦ᠂ ᠣᠨᠴᠠᠭᠠᠢ ᠴᠠᠭ ᠠᠭᠤᠷ ᠢ ᠵᠥᠪᠳᠡᠯᠴᠡᠨ ᠰᠤᠳᠤᠯᠵᠤ ᠮᠠᠭᠠᠳᠯᠠᠬᠤ᠂ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ | ᠠᠮᠤᠷ ᠲᠦᠪᠰᠢᠨ ᠤ ᠨᠡᠭᠡᠯᠡᠬᠡᠶ ᠪᠠᠨ ᠴᠢᠩᠭᠠᠯᠠᠵᠤ᠂ ᠵᠢᠭᠰᠠᠭᠠᠨ ᠪᠠᠶᠢᠴᠠᠭᠠᠵᠤ ᠡᠮᠬᠢᠯᠡᠨ ᠳᠢᠭᠯᠡᠵᠦ ᠭᠠᠷᠭᠠᠭᠰᠠᠨ ᠡᠯ᠎ᠡ | ᠲᠥᠷᠥᠯ ᠤᠨ ᠠᠰᠠᠭᠤᠳᠠᠯ ᠤᠨ ᠳᠠᠯᠳᠠ ᠬᠡᠮ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠬᠦᠢᠴᠡᠳᠬᠡᠬᠦ ᠡᠷᠴᠢᠮ ᠢᠶᠠᠨ ᠴᠢᠩᠭᠠᠷᠠᠭᠤᠯᠤᠨ᠂ ᠪᠣᠶ ᠪᠥᠬᠦᠶ ᠠᠶᠤᠯ ᠲᠦᠭᠰᠢᠭᠦᠷᠢ ᠶᠢᠨ ᠳᠠᠯᠳᠠ ᠬᠡᠮ ᠢ | ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠡᠯᠡᠳᠬᠡᠯ ᠢᠶᠠᠨ | ᠰᠠᠶᠢᠲᠤᠷ ᠬᠢᠵᠦ᠂ ︽ᠠᠷᠪᠠ ᠣᠳᠠᠭ᠎ᠠ ᠰᠡᠷᠭᠡᠶᠢᠯᠡᠵᠦ ᠶᠢᠰᠦ ᠣᠳᠠᠭ᠎ᠠ ᠨᠢ ᠬᠤᠭᠤᠰᠣᠨ ᠰᠡᠷᠭᠡᠶᠢᠯᠡᠭᠰᠡᠨ ᠪᠤᠯᠪᠠᠰᠣ᠂ ᠨᠢᠭᠡ | ᠣᠳᠠᠭ᠎ᠠ ᠶᠢ ᠴᠦ ᠠᠯᠳᠠᠵᠤ ᠪᠣᠯᠬᠤ ᠦᠭᠡᠢ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ 24 ᠴᠠᠭ ᠢᠶᠠᠷ | ᠵᠢᠵᠢᠭᠦᠷᠯᠡᠨ ᠰᠠᠬᠢᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ | ᠨᠥᠭᠡᠴᠡᠯᠡᠬᠦ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠤᠱᠯᠠᠭᠤᠯᠬᠤ ᠪᠣᠯ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ | ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠰᠤᠷᠤᠯᠴᠠᠬᠤ ᠬᠠᠯᠠᠭᠤᠨ ᠥᠷᠨᠢᠯᠲᠡ | ᠭᠠᠷᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ᠂ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ | ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠤᠳᠠ ᠶᠢᠨ ᠨᠠᠮ ᠤᠨ ᠬᠤᠷᠢᠶᠠᠨ | ᠤ ︽ᠰᠠᠨᠠᠯ︾ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠬᠠᠷᠠᠯᠲᠠ ᠪᠠᠨ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠤᠯᠠᠮ ᠴᠢᠨᠠᠭᠰᠢᠳᠠ ᠳᠤᠲᠠᠭᠤᠳᠠᠯ | ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠪᠠᠨ | ᠲᠤᠪᠤᠶᠢᠯᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾᠂ ᠬᠤᠳᠠ ᠶᠢᠨ ᠨᠠᠮ ᠤᠨ | ᠬᠤᠷᠢᠶᠠᠨ ᠤ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠴᠢᠭ ᠢ ᠴᠢᠩᠭ᠎ᠠ ᠠᠳᠬᠤᠨ ᠨᠠᠷᠢᠨ ᠵᠦᠢᠯᠡᠰ ᠢ ᠡᠵᠡᠮᠳᠡᠵᠦ᠂ | ᠴᠢᠳᠠᠮᠠᠭᠠᠢ ᠪᠠᠷ ᠠᠳᠬᠤᠨ ᠪᠦᠬᠦ ᠬᠦᠴᠦᠨ ᠢᠶᠠᠷ ᠢᠶᠠᠨ ᠬᠢᠵᠦ᠂ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠳᠠᠮᠠᠭᠠᠢ ᠪᠠᠷ ᠠᠳᠬᠤᠵᠤ᠂ ᠬᠡᠯᠪᠡᠷᠢ | ᠪᠠᠨ ᠬᠤᠪᠢᠷᠠᠭᠤᠯᠬᠤ ᠶᠡᠭᠡ ᠲᠠᠯ᠎ᠠ ᠶᠢᠨ ᠲᠣᠭᠤᠷᠢᠨ ᠳᠤ ᠭᠤᠣᠯ ᠡᠭᠦᠷᠭᠡ ᠪᠠᠨ ᠲᠣᠭᠲᠠᠭᠠᠵᠤ᠂ ᠲᠤᠯᠭᠠᠷᠠᠵᠤ ᠪᠠᠶᠢᠭ᠎ᠠ | ᠬᠦᠴᠢᠷ ᠲᠦᠪᠡᠭᠲᠡᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠬᠦ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠷᠢᠭ᠎ᠠ | ᠱᠤᠭᠤᠮ ᠢ ᠴᠢᠩᠭ᠎ᠠ ᠰᠠᠬᠢᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠠᠶᠤᠯᠭᠦᠢ ᠦᠢᠯᠡᠳᠪᠦᠷᠢᠯᠡᠯ᠂ ᠡᠳ᠋ ᠤᠨ ᠵᠠᠰᠠᠭ ᠮᠥᠩᠭᠦᠨ ᠭᠦᠢᠯᠭᠡᠭᠡ᠂ ᠵᠠᠬᠢᠳᠠᠯ ᠰᠤᠷᠪᠤᠯᠵᠢᠯᠠᠭ᠎ᠠ | ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠪᠠᠶᠢᠳᠠᠯ ᠢᠶᠠᠨ | ᠪᠠᠳᠠᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠭᠦᠷᠢᠳᠡ ᠴᠠᠯᠠᠭᠠᠶᠢᠷᠠᠬᠤ ᠦᠭᠡᠢ᠂ ᠴᠤᠴᠠᠯᠲᠠ ᠦᠭᠡᠢ | ᠤᠷᠤᠭᠰᠢᠯᠠᠬᠤ ᠠᠵᠢᠯ ᠤᠨ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢ ᠮᠠᠨ ᠤ ᠬᠤᠳᠠ ᠳᠤ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ | ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ | ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠬᠡᠵᠡᠢ᠃ | ᠬᠤᠷᠠᠯ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ᠂ ︽ᠦᠬᠠᠶ ᠬᠤᠲᠠ ᠶᠢᠨ ︿ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠰᠠᠨᠠᠯ﹀ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ︽ᠦᠬᠠᠶ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ | ᠲᠦᠷᠢᠮ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ |