ᠲᠠᠩ ᠢ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠶᠠᠩ ᡁᠢ ᠬᠤᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/14
     8 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠶᠠᠩ ᡁᠢ ᠬᠤᠩ ᠨᠡᠷ ᠲᠠᠢ ᠠᠭᠤᠯᠵᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠤᠤ ᠪᠥᠸᠧ᠂ ᠯᠢ ᠾᠧ ᠫᠢᠩ ᠣᠷᠣᠯᠴᠠᠪᠡ᠃      ᠲᠠᠩ ᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠯᠢᠶᠠᠩ ᡁᠢ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ᠂ ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠰᠢᠨ᠎ᠡ ᠡᠨᠧᠷᠭᠢ ᠶᠢᠨ ᠠᠵᠤ ᠦᠢᠯᠡᠰ ᠪᠣᠯ ᠦᠬᠠᠢ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠴᠢᠭᠯᠡᠯ ᠪᠣᠯᠤᠨ᠎ᠠ᠂ ᠮᠠᠨ ᠤ ᠬᠤᠳᠠ ᠡᠷᠬᠢᠨ ᠲᠣᠭᠤᠷᠢᠨ ᠤ ᠪᠣᠬᠢᠷᠲᠤᠯ ᠦᠭᠡᠢ ᠡᠨᠧᠷᠭᠢ ᠡᠯᠪᠡᠭ ᠳᠡᠯᠪᠡᠭ᠂ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠢ ᠵᠢᠴᠢ ᠣᠷᠣᠨ ᠪᠠᠶᠢᠷᠢ ᠶᠢᠨ ᠨᠥᠬᠦᠴᠡᠯ᠂ ᠡᠯᠧᠮᠧᠨ᠋ᠲ ᠤᠨ ᠪᠠᠲᠤᠯᠠᠭ᠎ᠠ ᠵᠡᠷᠭᠡ ᠳᠠᠪᠠᠭᠤᠯᠢᠭ ᠲᠠᠭᠠᠨ ᠲᠦᠰᠢᠭᠯᠡᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ ᠪᠠᠶᠢᠨ᠎ᠠ᠃ ᠣᠳᠣᠬᠠᠨ ᠳᠤ᠂ ᠭᠦᠸᠧ ᠰᠢᠤᠸᠠᠨ ᠲᠡᠭᠡᠲᠤ ᠮᠡᠷᠭᠡᠵᠢᠯ ᠤᠨ 30 ᠲᠦᠮᠡᠨ ᠺᠢᠯᠣᠸᠠᠲ ᠵᠡᠷᠭᠡ ᠨᠢᠭᠡ ᠪᠦᠯᠦᠭ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠦᠷᠭᠡᠪᠴᠢᠯᠡᠨ ᠪᠥᠲᠥᠭᠡᠨ ᠪᠠᠶᠢᠭᠤᠯᠵᠤ᠂ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠮᠠᠰᠢ ᠶᠡᠭᠡ᠂ ᠢᠷᠡᠭᠡᠳᠦᠶ ᠥᠷᠭᠡᠨ ᠠᠭᠤᠳᠠᠮ ᠪᠠᠶᠢᠨ᠎ᠠ᠃ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠬᠠᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ  ᠵᠠᠰᠠᠭ ᠤᠨ ᠣᠷᠳᠣᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠦᠢᠯᠡᠴᠢᠯᠡᠭᠡᠨ ᠤ ᠪᠠᠲᠤᠯᠠᠭ᠎ᠠ ᠪᠠᠨ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠡᠢ᠃      ᠯᠢᠶᠠᠩ ᡁᠢ ᠬᠤᠩ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠦᠬᠠᠢ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠷᠣᠨ ᠨᠤᠲᠤᠭ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠮᠦᠷᠳᠡᠭᠡᠨ ᠠᠭᠤᠰᠤᠯᠴᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号