ᠲᠠᠩ ᠢ ᠤᠯᠤᠰ ᠤᠨ ᠪᠠᠶᠢᠭᠠᠯᠢ ᠶᠢᠨ ᠰᠢᠨᠵᠢᠯᠡᠬᠦ ᠣᠬᠠᠭᠠᠨ ᠤ ᠰᠠᠭᠤᠷᠢ ᠮᠥᠩᠭᠦᠨ ᠤ ᠵᠥᠪᠯᠡᠯ ᠤᠨ ᠠᠰᠠᠭᠤᠨ ᠯᠠᠪᠯᠠᠬᠤ ᠺᠤᠮᠢᠰ ᠤᠨ ᠨᠠᠷᠢᠨ ᠪᠢᠴᠢᠭ ᠤᠨ ᠳᠠᠷᠤᠭ᠎ᠠ ᠭᠤᠤ ᠿᠦᠢ ᠫᠢᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/16
     8 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠯᠤᠰ ᠤᠨ ᠪᠠᠶᠢᠭᠠᠯᠢ ᠶᠢᠨ ᠰᠢᠨᠵᠢᠯᠡᠬᠦ ᠣᠬᠠᠭᠠᠨ ᠤ ᠰᠠᠭᠤᠷᠢ ᠮᠥᠩᠭᠦᠨ ᠤ ᠵᠥᠪᠯᠡᠯ ᠤᠨ ᠠᠰᠠᠭᠤᠨ ᠯᠠᠪᠯᠠᠬᠤ ᠺᠤᠮᠢᠰ ᠤᠨ ᠨᠠᠷᠢᠨ ᠪᠢᠴᠢᠭ ᠤᠨ ᠳᠠᠷᠤᠭ᠎ᠠ ᠭᠤᠤ ᠿᠦᠢ ᠫᠢᠩ ᠨᠡᠷ ᠲᠠᠢ ᠠᠭᠤᠯᠵᠠᠪᠠ᠃      ᠲᠠᠩ ᠢ ᠠᠺᠠᠳᠧᠮᠢᠴᠢ ᠲᠤᠰᠬᠠᠢ ᠮᠡᠷᠭᠡᠵᠢᠯᠲᠡᠨ ᠤ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠢ ᠪᠣᠯ ᠪᠠᠷᠠᠭᠤᠨ ᠬᠤᠶᠢᠲᠤ ᠣᠷᠣᠨ ᠤ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠬᠤᠳᠠ ᠪᠣᠯᠤᠨ᠎ᠠ᠂ ᠠᠵᠤ ᠦᠢᠯᠡᠰ ᠤᠨ ᠰᠠᠭᠤᠷᠢ ᠵᠤᠵᠠᠭᠠᠨ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠣᠳᠣᠬᠠᠨ ᠳᠤ᠂ ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦ ᠪᠥᠮᠪᠥᠷᠴᠡᠭ ᠤᠨ ᠬᠠᠮᠤᠭ ᠤᠨ ᠶᠡᠭᠡ BDO ᠶᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠬᠥᠭᠵᠢᠯᠲᠡ ᠶᠢᠨ ᠬᠠᠨᠳᠤᠰᠢ ᠢᠯᠡᠷᠡᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠢ ᠲᠦᠷᠭᠡᠨ ᠪᠦᠳᠦᠭᠡᠨ ᠪᠠᠶᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠪᠠ᠃ ᠠᠺᠠᠳᠧᠮᠢᠴᠢ ᠲᠤᠰᠬᠠᠢ ᠮᠡᠷᠭᠡᠵᠢᠯᠲᠡᠨ ᠲᠤᠰᠬᠠᠢ ᠮᠡᠷᠭᠡᠵᠢᠯ ᠤᠨ ᠣᠨᠴᠠ ᠴᠢᠳᠠᠪᠤᠷᠢ᠂ ᠮᠡᠷᠭᠡᠵᠢᠯ ᠤᠨ ᠬᠦᠳᠦᠯᠦᠨ ᠳᠠᠭᠠᠭᠤᠯᠬᠤ ᠴᠢᠳᠠᠪᠤᠷᠢ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠭᠠᠵᠠᠷ ᠬᠡᠷᠡᠭᠯᠡᠭᠡ ᠶᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠦᠬᠠᠢ ᠶᠢ ᠨᠡᠩ ᠢᠯᠡᠭᠦᠦ ᠠᠩᠬᠠᠷᠴᠤ᠂ ᠦᠬᠠᠢ ᠶᠢ ᠨᠡᠩ ᠰᠠᠶᠢᠲᠤᠷ ᠳᠡᠮᠵᠢᠵᠦ᠂ ᠦᠬᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠨᠡᠩ ᠰᠠᠶᠢᠲᠤᠷ ᠰᠢᠪᠲᠤᠯᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠭᠤᠤ ᠿᠦᠢ ᠫᠢᠩ ᠢᠯᠡᠷᠭᠡᠶᠢᠯᠡᠭᠰᠡᠨ ᠨᠢ᠂ ᠦᠬᠠᠢ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠪᠣᠯᠤᠨ ᠠᠵᠤ ᠦᠢᠯᠡᠰ ᠤᠨ ᠬᠥᠭᠵᠢᠯᠲᠡ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ᠬᠦᠴᠦ ᠪᠠᠨ ᠬᠠᠮᠲᠤᠳᠬᠠᠨ ᠨᠢᠭᠡ ᠪᠦᠯᠦᠭ ᠬᠤᠰᠢᠭᠤᠷᠠᠯ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠲᠤᠯᠭᠠᠭᠤᠷᠢᠯᠠᠯ ᠬᠠᠩᠭᠠᠨ᠎ᠠ ᠭᠡᠵᠡᠢ᠃      ᠴᠢᠩᠬᠤᠸᠠ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠨᠠᠨ ᠼᠧ ᠸᠧᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠱᠧᠨᠵᠧᠨ ᠳᠠᠬᠢ ᠲᠡᠷᠢᠭᠦᠨ ᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠫᠷᠤᠹᠧᠰᠰᠤᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠴᠧᠩ ᠡᠾᠦ᠋ᠢ ᠮᠢᠩ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠵᠠᠩ ᠶᠤᠸᠠᠢ᠂ ᠴᠢᠩᠬᠤᠸᠠ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠫᠷᠤᠹᠧᠰᠰᠤᠷ ᠯᠢᠨ ᠶᠤᠸᠠᠨ ᠬᠤᠸᠠ᠂ ᠬᠤᠳᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠭᠤᠤ ᠪᠥᠸᠧ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号