ᠲᠤᠮᠳᠠᠲᠤ ᠣᠯᠣᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠦᠬᠠᠶ ᠬᠤᠲᠠ ᠶᠢᠨ ᠬᠤᠷᠢᠶ᠎ᠠ 2024 ᠣᠨ ᠤ ᠳᠤᠷ᠎ᠠ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2024/8/19
     8 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠦᠬᠠᠶ ᠬᠤᠲᠠ ᠶᠢᠨ ᠬᠤᠷᠢᠶ᠎ᠠ ︽ᠭᠠᠷ ᠬᠤᠯᠪᠣᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠵᠠᠮ ᠢᠶᠠᠨ ᠡᠬᠢᠯᠡᠭᠦᠯᠦᠶ᠎ᠡ︾ ᠭᠡᠬᠦ 2024 ᠣᠨ ᠤ ᠲᠤᠷ᠎ᠠ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠥᠩ ᠶᠤᠸᠠᠢ ᠰᠢᠶᠠ ᠠᠵᠢᠯᠯᠠᠭ᠎ᠠ ᠳᠤ ᠣᠷᠣᠯᠴᠠᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠡᠯ᠎ᠡ ᠡᠭᠦᠷ ᠤᠨ 11 ᠡᠩᠨᠡᠭᠡ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃      ᠲᠣᠰ ᠤᠳᠠᠭᠠᠨ ᠤ ᠲᠤᠷ᠎ᠠ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠨᠥᠬᠦᠷᠯᠡᠯ ᠢᠶᠠᠨ ᠵᠤᠵᠠᠭᠠᠳᠬᠠᠬᠤ᠂ ᠰᠣᠯᠢᠯᠴᠠᠭ᠎ᠠ ᠪᠠᠨ ᠠᠬᠢᠭᠤᠯᠬᠤ᠂ ᠬᠠᠮᠲᠤᠷᠠᠯᠴᠠᠭ᠎ᠠ ᠪᠠᠨ ᠥᠷᠭᠡᠳᠬᠡᠬᠦ ᠳᠤ ᠢᠳᠡᠪᠬᠢᠲᠡᠶ ᠠᠴᠢ ᠬᠤᠯᠪᠣᠭᠳᠠᠯ ᠲᠠᠢ ᠶᠤᠮ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠢᠮᠠᠭᠲᠠ ᠨᠠᠮ ᠢᠶᠠᠷ ᠪᠠᠭᠰᠢ ᠪᠤᠯᠭᠠᠬᠤ᠂ ᠡᠭᠦᠷᠢᠳᠡ ᠨᠠᠮ ᠢᠶᠠᠨ ᠳᠠᠭᠠᠬᠤ᠂ ᠪᠦᠯᠬᠦᠮᠳᠡᠨ ᠲᠡᠮᠡᠴᠡᠬᠦ᠂ ᠬᠦᠴᠦᠯᠡᠨ ᠴᠢᠷᠮᠠᠶᠢᠵᠤ ᠪᠣᠳᠠᠲᠠᠢ ᠠᠵᠢᠯᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号