ᠮᠠᠨ ᠤ ᠬᠤᠲᠠ ᠬᠤᠳᠠ ᠶᠢᠨ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠠ  ᠶᠢᠨ ᠠᠩᠬᠠᠳᠠᠭᠴᠢ ᠪᠦᠯᠦᠭ ᠤᠨ ᠪᠦᠬᠦ ᠴᠠᠷᠠᠭᠠᠨ ᠳᠤ ᠣᠷᠢᠳᠠᠪᠡᠷ ᠬᠡᠷᠡᠭᠵᠢᠬᠦᠯᠬᠦ ᠣᠷᠣᠨ ᠤ ᠲᠤᠷᠰᠢᠯᠳᠠ  ᠶᠢᠨ ᠴᠢᠭ ᠢᠶᠠᠨ ᠰᠣᠩᠭᠤᠭᠳᠠᠪᠠ
ᠨᠡᠶᠢᠲᠡᠯᠡᠭᠰᠡᠨ ᠴᠠᠭ᠄
2024/8/2
     7 ᠰᠠᠷ᠎ᠠ ᠶᠢᠨ 29 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 12 ᠰᠠᠯᠠᠭ᠎ᠠ ᠮᠥᠴᠢᠷ ᠤᠨ ᠠᠯᠪᠠᠨ ᠲᠢᠩᠬᠢᠮ ︵ᠬᠡᠷ︶ ᠮᠡᠳᠡᠭᠳᠡᠯ ᠳᠠᠷᠤᠮᠠᠯᠯᠠᠨ ᠲᠠᠷᠬᠠᠭᠠᠵᠤ᠂ 15 ᠭᠠᠵᠠᠷ ᠣᠷᠣᠨ ᠢ ᠬᠤᠳᠠ ᠶᠢᠨ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠠ ᠶᠢᠨ ᠠᠩᠬᠠᠳᠠᠭᠴᠢ ᠪᠦᠯᠦᠭ ᠤᠨ ᠪᠦᠬᠦ ᠴᠠᠷᠠᠭᠠᠨ ᠳᠤ ᠣᠷᠢᠳᠠᠪᠡᠷ ᠬᠡᠷᠡᠭᠵᠢᠬᠦᠯᠬᠦ ᠣᠷᠣᠨ ᠤ ᠲᠤᠷᠰᠢᠯᠳᠠ ᠶᠢᠨ ᠴᠢᠭ ᠪᠣᠯᠭᠠᠵᠤ᠂ ᠬᠤᠲᠠ ᠶᠢᠨ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠡ᠃ ᠮᠠᠨ ᠤ ᠬᠤᠲᠠ ᠠᠮᠵᠢᠯᠲᠠ ᠲᠠᠢ ᠪᠠᠷ ᠰᠣᠩᠭᠤᠭᠳᠠᠪᠠ᠃      ᠠᠩᠬᠠᠳᠠᠭᠴᠢ ᠪᠦᠯᠦᠭ ᠤᠨ ᠪᠦᠬᠦ ᠴᠠᠷᠠᠭᠠᠨ ᠳᠤ ᠣᠷᠢᠳᠠᠪᠡᠷ ᠬᠡᠷᠡᠭᠵᠢᠬᠦᠯᠬᠦ ᠣᠷᠣᠨ ᠤ ᠲᠤᠷᠰᠢᠯᠳᠠ ᠶᠢᠨ ᠴᠢᠭ ᠬᠤᠶᠠᠷ ᠵᠢᠯ ᠤᠨ ᠴᠠᠭ ᠢ ᠠᠰᠢᠭᠯᠠᠨ ᠲᠡᠭᠦᠨ ᠤ ᠭᠤᠤᠯ ᠬᠤᠲᠠ ᠶᠢᠨ ᠲᠣᠭᠤᠷᠢᠭ ᠤᠨ ᠨᠡᠶᠢᠭᠡᠮ ᠲᠣᠭᠤᠷᠢᠭ ᠲᠤ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ 60 ᠭᠠᠵᠠᠷ ᠣᠷᠣᠨ ᠢ ᠪᠥᠬᠦ ᠤᠯᠤᠰ ᠤᠨ ᠳᠥᠷᠪᠡᠳᠦᠭᠡᠷ ᠪᠦᠯᠦᠭ ᠤᠨ ᠬᠤᠲᠠ ᠶᠢᠨ ᠨᠢᠭᠡ ᠮᠦᠴᠡᠲᠤ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠲᠤᠷᠰᠢᠯᠳᠠ ᠶᠢᠨ ᠴᠢᠭ ᠪᠣᠯᠭᠠᠬᠤ ᠪᠠᠷ ᠲᠤᠭᠳᠠᠭᠠᠭᠰᠠᠨ ᠢᠶᠠᠨ ᠬᠠᠮᠲᠤ ᠳᠤᠨᠢ ᠨᠡᠶᠢᠳᠡᠯᠡᠪᠡ᠃ 2021 ᠣᠨ ᠠᠴᠠ ᠨᠠᠰᠢ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ᠬᠢᠨ ᠤᠷᠢᠳ ᠬᠤᠵᠢᠳ ᠭᠤᠷᠪᠠᠨ ᠪᠦᠯᠦᠭ ᠪᠦᠬᠦ ᠤᠯᠤᠰ ᠤᠨ ᠬᠤᠳᠠ ᠶᠢᠨ ᠨᠢᠭᠡ ᠮᠦᠴᠡᠲᠤ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠲᠤᠷᠰᠢᠯᠲᠠ ᠶᠢᠨ ᠴᠢᠭ ᠤᠨ ᠭᠠᠵᠠᠷ ᠣᠷᠣᠨ ᠢ ᠲᠣᠭᠲᠠᠭᠠᠵᠤ᠂ ᠣᠳᠣᠬᠠᠨ ᠳᠤ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ 2024 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠡᠮᠦᠨ᠎ᠡ ᠭᠤᠷᠪᠠᠨ ᠪᠦᠯᠦᠭ ᠤᠨ 150 ᠪᠥᠬᠦ ᠤᠯᠤᠰ ᠤᠨ ᠲᠤᠷᠰᠢᠯᠲᠠ ᠶᠢᠨ ᠭᠠᠵᠠᠷ ᠣᠷᠣᠨ ᠳᠤ ᠨᠢᠭᠡᠨᠲᠡ 3946 ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠪᠠᠶᠢᠭᠤᠯᠵᠤ᠂ ᠬᠤᠳᠠᠯᠳᠤᠭᠠᠨ ᠤ ᠲᠣᠤᠷ ᠴᠢᠭ ᠤᠨ 88.82 ᠲᠦᠮᠡᠨ ᠰᠠᠭᠤᠭᠠᠯᠢ ᠠᠷᠠᠳ ᠲᠤ ᠬᠤᠯᠪᠣᠭᠳᠠᠵᠤ᠂ ᠨᠡᠶᠢᠭᠡᠮ ᠲᠣᠭᠤᠷᠢᠭ ᠤᠨ 7676 ᠲᠦᠮᠡᠨ ᠰᠠᠭᠤᠭᠠᠯᠢ ᠠᠷᠠᠳ ᠲᠤ ᠦᠢᠯᠡᠴᠢᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号