ᠬᠤᠲᠠ ᠶᠢᠨ ᠤᠳᠤᠷᠢᠳᠤᠯᠭ᠎ᠠ ᠬᠤᠲᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/8/2
     8 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ ᠠᠩᠭᠢ᠂ ᠴᠢᠮᠡᠭᠡ ᠬᠤᠯᠪᠣᠭᠠᠨ ᠤ ᠰᠠᠯᠠᠭ᠎ᠠ ᠶᠢᠨ ᠬᠡᠰᠡᠭ ᠵᠢᠯᠣᠭᠤᠳᠣᠭᠴᠢ ᠪᠠᠶᠢᠯᠳᠤᠭᠴᠢᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠲᠠᠩ ᠢ ᠬᠡᠯᠡᠭᠰᠡᠨ ᠨᠢ᠂ ᠣᠷᠳᠣ ᠬᠤᠭᠤᠴᠠᠭᠠᠨ ᠤ ᠲᠤᠷᠰᠢ᠂ ᠬᠤᠲᠠ ᠳᠤ ᠰᠠᠭᠤᠭ᠎ᠠ ᠥᠷᠭᠡᠨ ᠣᠯᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ᠂ ᠴᠡᠷᠢᠭ ᠠᠩᠭᠢ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠬᠤᠲᠠ ᠳᠤ ᠰᠠᠭᠤᠭ᠎ᠠ ᠥᠷᠭᠡᠨ ᠣᠯᠠᠨ ᠳᠠᠷᠤᠭ᠎ᠠ ᠪᠠᠶᠢᠯᠳᠤᠭᠴᠢᠳ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠣᠳᠣᠬᠢᠴᠢᠯᠠᠭᠰᠠᠨ ᠦᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠳᠤ ᠢᠳᠡᠪᠬᠢᠲᠡᠶ ᠣᠷᠣᠯᠴᠠᠵᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ ᠭᠡᠵᠡᠢ᠃      ᠠᠵᠢᠯᠯᠠᠭ᠎ᠠ ᠶᠢᠨ ᠳᠤᠮᠳᠠ᠂ ᠲᠠᠩ ᠢ ᠵᠡᠷᠭᠡ ᠬᠤᠲᠠ ᠶᠢᠨ ᠤᠳᠤᠷᠢᠳᠤᠯᠭ᠎ᠠ ᠦᠬᠠᠶ ᠬᠤᠲᠠ ᠶᠢᠨ ᠳᠣᠯᠣᠳᠤᠭᠠᠷ ᠬᠤᠭᠤᠴᠠᠭᠠᠨ ᠤ ᠣᠯᠠᠨ ᠲᠦᠮᠡᠨᠴᠢ ᠴᠢᠨᠠᠷᠲᠠᠶ ᠴᠡᠷᠢᠭ ᠤᠨ ᠡᠷᠳᠡᠮ ᠤᠨ ᠮᠥᠷᠦ᠋ᠢᠴᠡᠭᠡᠨ ᠤ ᠱᠠᠩᠨᠠᠯ ᠭᠥᠷᠳᠡᠭᠰᠡᠨ ᠨᠢᠭᠡᠴᠡ ᠪᠠ ᠬᠤᠪᠢ ᠬᠥᠮᠦᠨ ᠳᠤ ᠱᠠᠩᠨᠠᠯ ᠣᠯᠭᠤᠪᠠ︔ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠿᠤᠤ ᠴᠥᠩ ᠱᠤ᠋ ᠤᠯᠤᠰ ᠤᠨ ᠠᠮᠤᠷ ᠲᠦᠪᠰᠢᠨ ᠤ ᠪᠠᠶᠢᠳᠠᠯ ᠤᠨ ᠲᠣᠭᠤᠷᠢᠨ ᠳᠤ ᠲᠤᠰᠬᠠᠶ ᠰᠡᠳᠦᠪᠲᠦ ᠮᠡᠳᠡᠭᠦᠯᠦᠯᠲᠡ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号