ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/2
     8 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠤ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠪᠣᠯᠤᠨ ᠨᠠᠮ ᠪᠦᠯᠦᠭ ᠤᠨ ᠪᠤᠰᠤ ᠬᠥᠮᠦᠰ ᠢ ᠬᠦᠳᠦᠯᠦᠨ ᠵᠢᠯᠣᠭᠤᠳᠴᠤ ᠪᠠᠶᠢᠭᠠᠳ ᠳᠠᠪᠠᠭᠤᠯᠢᠭ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠢᠮᠠᠭᠲᠠ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠪᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠤᠮᠠᠷᠠᠰᠢ ᠨᠡᠭᠡᠭᠡᠯᠲᠡ ᠬᠢᠬᠦ ᠦᠷᠦᠴᠡ ᠭᠠᠵᠠᠷ ᠤᠨ ᠲᠤᠯᠭᠠᠭᠤᠷᠢᠯᠠᠯ ᠢᠶᠠᠨ ᠴᠢᠩᠭᠠᠳᠬᠠᠵᠤ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ᠂ ᠠᠵᠤ ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠦᠯᠬᠦ᠂ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠪᠦᠳᠦᠭᠡᠨ ᠪᠠᠶᠢᠭᠤᠯᠤᠯᠲᠠ᠂ ᠦᠬᠠᠢ ᠨᠠᠭᠤᠷ ᠢ ᠲᠣᠭᠤᠷᠢᠭᠰᠠᠨ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠬᠤ ᠯᠤᠭ᠎ᠠ ᠤᠶᠠᠯᠳᠤᠭᠤᠯᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠷᠠᠳᠤᠭᠰᠠᠨ ᠠᠵᠢᠯ ᠤᠨ ᠰᠡᠳᠬᠢᠴᠡ᠂ ᠭᠤᠣᠯᠳᠠᠯᠭ᠎ᠠ ᠲᠠᠢ ᠡᠭᠦᠷᠭᠡ᠂ ᠠᠷᠭ᠎ᠠ ᠵᠠᠮ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ᠂ ᠰᠢᠰᠲ᠋ᠧᠮ ᠲᠠᠢ᠂ ᠨᠡᠪᠲᠡᠷᠡᠲᠡᠯ᠎ᠡ ᠣᠶᠢᠯᠠᠭᠠᠵᠤ᠂ ᠦᠬᠠᠢ ᠶᠢᠨ ᠪᠣᠳᠠᠲᠤ ᠪᠠᠶᠢᠳᠠᠯ ᠯᠤᠭ᠎ᠠ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠥᠷᠥ ᠶᠢᠨ ᠲᠣᠭᠤᠷᠢᠨ ᠳᠤ᠂ ᠦᠬᠠᠶ ᠶᠢᠨ ᠬᠤᠲᠠᠴᠢᠯᠠᠯᠲᠠ ᠶᠢᠨ ᠨᠣᠷᠮ᠎ᠠ ᠥᠨᠳᠥᠷ᠂ ᠬᠤᠲᠠ ᠬᠥᠳᠡᠭᠡ ᠶᠢᠨ ᠵᠥᠷᠢᠶ᠎ᠡ ᠪᠠᠭ᠎ᠠ ᠵᠡᠷᠭᠡ ᠲᠠᠯ᠎ᠠ ᠶᠢᠨ ᠪᠣᠳᠠᠲᠤ ᠨᠥᠬᠦᠴᠡᠯ ᠪᠠ ᠳᠠᠪᠠᠭᠤᠯᠢᠭ ᠰᠠᠭᠤᠷᠢ ᠲᠠᠭᠠᠨ ᠰᠠᠭᠤᠷᠢᠯᠠᠨ᠂ ᠬᠥᠭᠵᠢᠯᠲᠡ ᠶᠢᠨ ᠬᠡᠷᠡᠭᠴᠡᠭᠡ᠂ ᠥᠭᠡᠷᠡᠴᠢᠯᠡᠯᠲᠡ ᠶᠢᠨ ᠪᠠᠴᠢᠮ ᠪᠠᠶᠢᠳᠠᠯ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠦᠬᠠᠶ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠦᠬᠠᠶ ᠶᠢᠨ ᠣᠨᠴᠠᠯᠢᠭ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠠᠭᠤᠯᠭ᠎ᠠ ᠶᠢ ᠰᠤᠳᠤᠯᠤᠨ ᠰᠦᠪᠡᠭᠴᠢᠯᠡᠵᠦ᠂ ᠠᠴᠢᠶᠠᠯᠠᠪᠤᠷᠢ ᠶᠢᠨ ᠭᠠᠷᠳᠠᠴᠠ ᠪᠠᠨ ᠣᠨᠣᠪᠴᠢᠲᠠᠶ ᠡᠷᠢᠨ ᠣᠯᠵᠤ᠂ ᠪᠣᠳᠠᠲᠠᠶ ᠦᠷ᠎ᠡ ᠪᠦᠲᠦᠮᠵᠢ ᠭᠠᠷᠭᠠᠵᠤ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠬᠤᠲᠠ ᠶᠢᠨ ᠨᠢᠭᠡ ᠮᠦᠴᠡᠲᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠪᠥᠬᠦ ᠴᠠᠷᠠᠭᠠᠨ ᠳᠤ ᠤᠷᠢᠳᠠᠪᠠᠷ ᠬᠡᠷᠡᠭᠵᠢᠭᠦᠯᠬᠦ ᠣᠷᠣᠨ ᠤ ᠲᠤᠷᠰᠢᠯᠳᠠ ᠶᠢᠨ ᠴᠢᠭ ᠪᠥᠲᠥᠭᠡᠨ ᠪᠠᠶᠢᠭᠤᠯᠵᠤ᠂ BDO ᠵᠡᠷᠭᠡ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠷᠢᠳᠠᠪᠠᠷ ᠬᠡᠷᠡᠭᠵᠢᠭᠦᠯᠵᠦ ᠬᠠᠶᠢᠨ ᠰᠦᠪᠡᠭᠴᠢᠯᠡᠵᠦ᠂ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠪᠣᠶ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠶ ᠶᠢᠨ ᠦᠢᠯᠡᠳᠦᠯᠭᠡ ᠪᠠᠷ ᠰᠠᠶᠢᠲᠤᠷ ᠵᠠᠮᠨᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢ ᠴᠢᠳᠠᠮᠠᠭᠠᠢ ᠬᠡᠷᠡᠭᠯᠡᠵᠦ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠡᠵᠡᠩᠨᠡᠯᠲᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠲᠦᠭᠰᠢᠭᠦᠷᠢ ᠶᠢ ᠠᠷᠢᠯᠭᠠᠬᠤ ᠵᠡᠷᠭᠡ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠣᠨ ᠪᠠ ᠪᠦᠲᠦᠮᠵᠢᠲᠡᠢ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠠᠴᠠ ᠰᠡᠳᠬᠢᠴᠡ ᠪᠠᠨ ᠢᠯᠡᠭᠦᠬᠡᠨ ᠡᠷᠢᠵᠦ᠂ ᠠᠮᠢᠵᠢᠷᠠᠯ ᠤᠨ ᠬᠦᠴᠦᠨ ᠢ ᠡᠷᠬᠢᠮᠯᠡᠨ᠂ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠬᠠᠭᠤᠴᠢᠨ ᠶᠣᠰᠣ ᠪᠦᠳᠦᠭᠦᠯᠢᠭ ᠳᠠᠳᠬᠠᠯ᠂ ᠬᠥᠰᠢᠭᠦᠷᠡᠭᠰᠡᠨ ᠪᠠᠶᠢᠭᠤᠯᠤᠮᠵᠢ ᠶᠢ ᠵᠣᠷᠢᠭᠲᠠᠢ ᠪᠠᠷ ᠡᠪᠳᠡᠵᠦ᠂ ᠺᠠᠳ᠋ᠷᠴᠣᠳ ᠵᠣᠷᠢᠭᠲᠠᠢ ᠪᠠᠷ ᠬᠢᠬᠦ᠂ ᠣᠷᠣᠨ ᠨᠤᠲᠤᠭ ᠵᠣᠷᠢᠭᠲᠠᠢ ᠪᠠᠷ ᠭᠠᠪᠰᠢᠭᠠᠶᠢᠯᠠᠬᠤ᠂ ᠠᠵᠤ ᠠᠬᠤᠶᠢᠯᠠᠯ ᠵᠣᠷᠢᠭᠲᠠᠢ ᠪᠠᠷ ᠠᠵᠢᠯᠯᠠᠬᠤ᠂ ᠤᠯᠠᠨ ᠲᠦᠮᠡᠨ ᠵᠣᠷᠢᠭᠲᠠᠢ ᠪᠠᠷ ᠡᠭᠦᠳᠦᠨ ᠪᠦᠲᠦᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ  ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠳᠠᠷᠤᠯᠲᠠ ᠶᠢ ᠳᠠᠮᠵᠢᠭᠤᠯᠵᠤ᠂ ᠳᠠᠪᠠᠭᠤᠯᠢᠭ ᠭᠦᠢᠴᠡᠳᠬᠡᠯ ᠲᠤᠭ᠎ᠠ ᠪᠠᠨ ᠰᠠᠶᠢᠲᠤᠷ ᠪᠠᠬᠢᠵᠢᠭᠦᠯᠵᠦ᠂ ᠳᠤᠲᠠᠭᠤᠳᠠᠯ ᠲᠠᠢ ᠭᠦᠢᠴᠡᠳᠬᠡᠯ ᠲᠤᠭ᠎ᠠ ᠪᠠᠨ ᠨᠥᠬᠦᠪᠥᠷᠢᠯᠡᠵᠦ᠂ ᠳᠠᠷᠤᠯᠲᠠ ᠥᠭᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠪᠠᠨ ᠬᠦᠴᠦᠯᠡᠨ ᠰᠠᠶᠢᠲᠤᠷ ᠠᠳᠬᠤᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠰᠦᠷᠦᠭᠵᠢᠯ ᠤᠨ ᠲᠣᠭᠤᠷᠢᠨ ᠳᠤ ᠤᠯᠠᠮ ᠴᠢᠨᠠᠭᠰᠢᠳᠠ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠢ ᠤᠨᠢᠨ ᠳᠡᠭᠡᠷ᠎ᠡ ᠨᠢ ᠲᠤᠰᠠᠯᠠᠨ ᠬᠠᠪᠰᠤᠷᠴᠤ᠂ ᠬᠠᠨᠳᠤᠯᠭᠠᠲᠤ ᠴᠢᠨᠠᠷᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠡᠯᠧᠮᠧᠨ᠋ᠲ ᠤᠨ ᠪᠠᠲᠤᠯᠠᠭ᠎ᠠ᠂ ᠭᠠᠷᠳᠠᠮ ᠭᠦᠢᠴᠡᠳᠬᠡᠬᠦ ᠵᠡᠷᠭᠡ ᠠᠰᠠᠭᠤᠳᠠᠯ ᠢ ᠨᠢ ᠰᠠᠶᠢᠲᠤᠷ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠲᠡᠷᠢᠭᠦᠨ ᠤ ᠲᠤᠨᠤᠭ ᠲᠥᠬᠦᠭᠡᠷᠦᠮᠵᠢ ᠶᠢ ᠨᠢ ᠰᠢᠨᠡᠳᠬᠡᠬᠦ ᠵᠡᠷᠭᠡ ᠠᠵᠢᠯ ᠢ ᠥᠷᠨᠢᠭᠦᠯᠬᠦ ᠬᠡᠷᠡᠭᠲᠡᠢ᠃ ᠵᠠᠪᠰᠢᠶᠠᠨ ᠪᠠ ᠬᠦᠴᠦᠨ ᠵᠦᠢᠯ ᠢ ᠠᠰᠢᠭᠯᠠᠵᠤ᠂ ︽ᠡᠯᠡᠰᠦ ᠮᠠᠩᠬᠠᠨ ᠳᠤ ᠮᠣᠷᠢᠯᠠᠨ ᠲᠠᠯᠠᠢ ᠶᠢ ᠦᠵᠡᠬᠦ· ᠳᠤᠮᠳᠠᠳᠤ ᠤᠯᠤᠰ ᠤᠨ ᠦᠬᠠᠢ︾ ᠭᠡᠬᠦ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠴᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠡᠭᠦᠳᠴᠦ᠂ ᠬᠡᠷᠡᠭᠯᠡᠭᠡᠨ ᠤ ᠲᠦᠷᠦᠯ ᠵᠦᠢᠯ  ᠢᠶᠠᠨ ᠪᠠᠶᠠᠯᠢᠭᠵᠢᠭᠤᠯᠵᠤ᠂ ᠢᠵᠢ ᠪᠦᠷᠢᠳᠦᠭᠦᠯᠦᠭᠰᠡᠨ ᠦᠢᠯᠡᠴᠢᠯᠡᠭᠡ ᠪᠠᠨ ᠲᠡᠭᠦᠯᠳᠡᠷᠵᠢᠭᠦᠯᠵᠦ᠂ ᠬᠤᠳᠠ ᠶᠢᠨ ᠨᠥᠯᠥᠭᠡᠯᠡᠬᠦ ᠬᠦᠴᠦᠨ᠂ ᠢᠷᠠᠭᠤ ᠠᠯᠳᠠᠷ ᠤᠨ ᠬᠡᠮᠵᠢᠶ᠎ᠡ ᠪᠠᠨ ᠴᠢᠨᠠᠭᠰᠢᠳᠠ ᠳᠡᠭᠡᠭᠰᠢᠯᠡᠭᠦᠯᠵᠦ᠂ ᠬᠡᠷᠡᠭᠯᠡᠭᠡᠨ ᠤ ᠳᠠᠯᠳᠠ ᠬᠦᠴᠦᠨ ᠢᠶᠠᠨ ᠨᠡᠩ ᠰᠠᠶᠢᠲᠤᠷ ᠪᠤᠶᠢᠵᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠴᠠᠭ ᠤᠨ ᠦᠵᠡᠯᠲᠡ ᠪᠠ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠭᠠᠷᠭᠠᠭᠰᠠᠨ ᠰᠢᠢᠳᠪᠦᠷᠢ᠄ ᠪᠦᠬᠦᠳᠡ ᠬᠤᠷᠠᠯ ᠢ 8 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ ᠬᠠᠶᠢᠷᠤᠪ ᠤᠨ ᠲᠤᠬᠤᠢ ᠳᠤ ᠬᠤᠷᠠᠯᠳᠤᠬᠤ ᠪᠠᠷ ᠲᠣᠭᠲᠠᠪᠠ᠂ ᠭᠤᠣᠯ ᠡᠭᠦᠷᠭᠡ ᠪᠣᠯ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠢᠯᠡᠳᠭᠡᠯ ᠢ ᠰᠣᠨᠣᠰᠴᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠤᠨ᠎ᠠ᠃      ᠬᠤᠷᠠᠯ ᠠᠴᠠ ︽ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠵᠣᠬᠢᠴᠠᠭᠤᠯᠬᠤ ᠲᠣᠭᠲᠠᠴᠠ ᠶᠢᠨ ᠠᠵᠢᠯ ᠤᠨ ᠲᠦᠷᠢᠮ︾ ᠢ ᠬᠢᠨᠠᠨ ᠵᠥᠪᠯᠡᠵᠦ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号