ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ | ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠡᠯ᠎ᠡ ᠬᠦᠷᠢᠶᠡᠨ ᠤ ᠲᠤᠰᠬᠠᠶ ᠮᠡᠷᠭᠡᠵᠢᠯᠲᠡᠨ ᠤ ᠵᠠᠰᠠᠭ ᠤᠨ | ᠣᠷᠳᠣᠨ ᠤ ᠬᠠᠤᠯᠢ ᠲᠣᠭᠲᠠᠭᠠᠬᠤ ᠠᠵᠢᠯ ᠳᠠᠬᠢ ᠦᠢᠯᠡᠳᠦᠯ ᠢ ᠨᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠣᠶᠢᠷ᠎ᠠ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠦᠬᠠᠶ ᠬᠤᠲᠠ ᠶᠢᠨ ᠵᠠᠰᠠᠭ ᠵᠠᠬᠢᠷᠭᠠᠨ ᠤ ᠬᠠᠤᠯᠢ | ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠪᠠ᠃ | ᠦᠬᠠᠶ ᠬᠤᠲᠠ ᠶᠢᠨ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ | ᠲᠤᠰᠬᠠᠶ ᠮᠡᠷᠭᠡᠵᠢᠯᠲᠡᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠪᠠ ᠬᠠᠮᠢᠶᠠᠷᠤᠯᠲᠠ᠂ ᠲᠡᠤᠬᠡ ᠰᠣᠶᠣᠯ ᠤᠨ ᠬᠠᠮᠠᠭᠠᠯᠠᠯᠲᠠ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠵᠡᠷᠭᠡ ᠬᠦᠷᠢᠶ᠎ᠡ ᠶᠢ ᠬᠠᠮᠤᠷᠴᠤ᠂ ᠡᠯ᠎ᠡ ᠲᠣᠭᠤᠷᠢᠭ ᠤᠨ ᠵᠠᠰᠠᠭ ᠤᠨ ᠣᠷᠳᠣᠨ ᠪᠠ ᠬᠤᠯᠪᠤᠭᠳᠠᠯ ᠪᠥᠬᠦᠶ | ᠰᠠᠯᠠᠭ᠎ᠠ ᠮᠥᠴᠢᠷ ᠠᠴᠠ ᠰᠣᠩᠭᠤᠨ ᠭᠠᠷᠭᠠᠬᠤ ᠵᠢᠴᠢ ᠬᠤᠪᠢ ᠬᠥᠮᠦᠨ ᠨᠡᠷ᠎ᠡ ᠮᠡᠳᠡᠭᠦᠯᠵᠦ᠂ ᠬᠢᠷᠢ ᠬᠡᠮ ᠢ ᠨᠢ ᠬᠢᠨᠠᠨ | ᠪᠠᠶᠢᠴᠠᠭᠠᠬᠤ᠂ ᠢᠯᠡ ᠨᠡᠶᠢᠲᠡᠯᠡᠬᠦ᠂ ᠬᠠᠮᠲᠤ ᠪᠠᠷ ᠰᠤᠳᠤᠯᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠡᠴᠦᠰ ᠲᠡᠭᠡᠨ | 38 ᠨᠡᠷᠡᠰ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠲᠤᠰᠬᠠᠶ ᠮᠡᠷᠭᠡᠵᠢᠯᠲᠡᠨ ᠢ ᠲᠣᠭᠲᠠᠭᠠᠵᠤ᠂ ᠡᠭᠦᠨ ᠳᠤ ᠬᠠᠤᠯᠢ | ᠴᠠᠭᠠᠵᠠ ᠶᠢᠨ ᠲᠥᠷᠥᠯ ᠤᠨ 8 ᠬᠥᠮᠦᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠥᠷᠥᠯ ᠤᠨ 9 | ᠬᠥᠮᠦᠨ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠥᠷᠥᠯ ᠤᠨ 10 ᠬᠥᠮᠦᠨ᠂ | ᠲᠡᠤᠬᠡ ᠰᠣᠶᠣᠯ ᠤᠨ ᠬᠠᠮᠠᠭᠠᠯᠠᠯᠲᠠ ᠶᠢᠨ ᠲᠥᠷᠥᠯ ᠤᠨ 6 ᠬᠥᠮᠦᠨ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠲᠥᠷᠥᠯ ᠤᠨ 5 ᠬᠥᠮᠦᠨ ᠪᠠᠭᠳᠠᠨ᠎ᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ | ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠲᠣᠭᠲᠠᠴᠠ ᠪᠠᠨ | ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯᠲᠡᠨ ᠲᠠᠢ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠨ᠂ | ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠲᠤᠰᠬᠠᠶ ᠮᠡᠷᠭᠡᠵᠢᠯᠲᠡᠨ ᠢ ᠨᠠᠷᠢᠨ ᠬᠢᠨᠠᠮᠠᠭᠠᠶ ᠲᠥᠯᠥᠪᠯᠡᠨ᠂ ᠵᠦᠶ | ᠵᠣᠬᠢᠰᠲᠠᠶ ᠳᠣᠭᠢᠷᠠᠭᠤᠯᠵᠤ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠤ | ᠣᠷᠣᠯᠴᠠᠭᠤᠯᠵᠤ᠂ ᠬᠠᠤᠯᠢ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ |