ᠮᠠᠨ ᠤ ᠬᠤᠲᠠ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠭᠡᠨ ᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/8/22
     8 ᠰᠠᠷ᠎ᠠ ᠶᠢᠨ 20 ᠤ ᠡᠳᠦᠷ᠂ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠭᠡᠨ ᠤ ᠬᠤᠷᠠᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠦᠬᠦᠷᠭᠡᠨ ᠪᠠᠬᠢᠯᠡᠯᠲᠡ ᠶᠢᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠤᠨ 2024 ᠣᠨ ᠤ ᠬᠤᠷᠠᠯ ᠬᠥᠬᠡᠬᠤᠲᠠ ᠳᠤ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠣᠷᠣᠯᠴᠠᠪᠠ᠃      ᠶᠡᠭᠡ ᠬᠤᠷᠠᠯ ᠠᠴᠠ ᠬᠠᠮᠲᠤᠷᠠᠯᠴᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠮᠠᠨ ᠤ ᠬᠤᠲᠠ ᠨᠡᠶᠢᠲᠡ 3 ᠲᠥᠷᠥᠯ ᠵᠦᠢᠯ ᠳᠤ ᠭᠡᠷ᠎ᠡ ᠲᠤᠭᠳᠠᠵᠤ᠂ ᠲᠠᠷᠣᠢ ᠱᠠᠩᠬᠠᠶ ᠶᠢᠨ ᠶᠤᠸᠠᠨ ᠱᠠᠨ ᠬᠡᠲᠦ ᠬᠠᠲᠠᠭᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠲᠤᠮᠤ ᠲᠠᠩ ᠲᠠᠯᠠᠰᠲᠤ ᠠᠯᠮᠠᠰ ᠤᠨ ᠣᠶᠤᠨᠴᠢ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ᠂ ᠦᠬᠠᠶ ᠬᠤᠲᠠ ᠶᠢᠨ ᠮᠧᠩ ᠳ᠋ᠡ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠨᠡᠭᠦᠷᠡᠰᠦᠨ ᠴᠢᠯᠠᠭᠤ ᠶᠢᠨ ᠥᠨᠳᠥᠷ ᠥᠷᠲᠡᠭᠲᠦ ᠡᠷᠬᠢᠯᠳᠡᠳᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠴᠦᠩᠴᠢᠩ ᠤᠨ ᠵᠥᠩ ᠬᠤᠸᠠᠨ ᠿᠦᠢ ᠬᠠᠶ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠾᠯᠣᠷ ᠬᠦᠴᠢᠯ ᠤᠨ ᠨᠠᠳ᠋ᠷᠢ ᠵᠢᠴᠢ ᠳᠡᠭᠡᠳᠦ ᠾᠯᠣᠷ ᠬᠦᠴᠢᠯ ᠤᠨ ᠳᠠᠪᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠪᠤᠯᠤᠨ᠎ᠠ᠂ ᠪᠠᠯᠠ ᠣᠷᠣᠭᠤᠯᠬᠤ ᠬᠡᠮᠵᠢᠶ᠎ᠡ ᠨᠢ 47.6 ᠳ᠋ᠦᠩᠰᠢᠭᠤᠷ ᠲᠥᠭᠦᠷᠢᠭ ᠲᠤ ᠬᠦᠷᠦᠨ᠎ᠡ᠃ ᠲᠤᠰ ᠡᠳᠦᠷ ᠤᠨ ᠦᠳᠡ ᠶᠢᠨ ᠬᠤᠶᠢᠨ᠎ᠠ ᠡᠷᠬᠢᠯᠡᠭᠰᠡᠨ ᠪᠣᠬᠢᠷᠲᠤᠯ ᠦᠭᠡᠢ ᠳᠤᠮᠳᠠᠳᠤ ᠤᠯᠤᠰ· ᠡᠨᠧᠷᠭᠢ ᠶᠢᠨ ᠠᠵᠤ ᠦᠢᠯᠡᠰ ᠤᠨ ᠥᠪᠥᠷ ᠮᠣᠩᠭᠤᠯ ᠤᠨ ᠲᠦᠷᠦᠯ ᠵᠦᠢᠯ ᠢ ᠵᠣᠯᠭᠠᠭᠤᠯᠤᠨ ᠵᠥᠪᠳᠡᠯᠴᠡᠬᠦ ᠠᠵᠢᠯᠯᠠᠭ᠎ᠠ ᠳᠤᠮᠳᠠ᠂ ᠬᠤᠳᠠ ᠶᠢᠨ ᠳᠡᠳ᠋ ᠳᠠᠷᠤᠭ᠎ᠠ ᠭᠤᠤ ᠪᠥᠸᠧ ᠮᠠᠨ ᠤ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ᠲᠠᠯ᠎ᠠ ᠪᠠᠷ ᠬᠤᠳᠠᠯᠳᠣᠭᠠᠴᠢᠨ ᠤᠷᠢᠬᠤ ᠲᠤᠬᠠᠢ ᠤᠬᠠᠭᠤᠯᠤᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠢ ᠴᠢᠩ ᠰᠡᠳᠬᠢᠯ ᠠᠴᠠ ᠪᠠᠨ ᠤᠷᠢᠵᠤ᠂ ᠥᠷᠭᠡᠨ ᠤᠯᠠᠨ ᠠᠵᠤ ᠠᠬᠤᠶᠢᠯᠠᠯᠲᠠᠳ ᠤᠨ ᠦᠬᠠᠢ ᠳᠤ ᠢᠷᠡᠵᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ᠂ ᠪᠡᠯᠡ ᠣᠷᠣᠭᠤᠯᠤᠨ ᠦᠢᠯᠡᠰ ᠪᠤᠰᠬᠠᠬᠤ᠂ ᠠᠵᠠ ᠲᠣᠬᠢᠶᠠᠯ ᠢ ᠬᠠᠮᠲᠤᠪᠠᠷ ᠡᠳ᠋ᠯᠡᠬᠦ᠂ ᠬᠥᠭᠵᠢᠯᠲᠡ ᠶᠢ ᠬᠠᠮᠲᠤᠪᠠᠷ ᠡᠷᠢᠯᠬᠢᠯᠡᠬᠦ ᠶᠢ ᠪᠠᠶᠠᠷᠯᠠᠨ ᠣᠭᠳᠣᠵᠣ ᠪᠠᠶᠢᠬᠤ ᠪᠠᠨ ᠢᠯᠡᠳᠭᠡᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠳᠠᠯᠳᠠ ᠴᠢᠳᠠᠪᠤᠷᠢ ᠪᠠᠨ ᠭᠦᠨᠵᠡᠭᠡᠶ ᠠᠭᠤᠳᠠᠯᠵᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠦᠷᠭᠦᠯᠵᠢᠯᠡᠨ ᠪᠣᠶ ᠪᠣᠯᠭᠠᠵᠤ᠂ ᠤᠯᠤᠰ ᠤᠨ ᠳᠣᠲᠣᠷ᠎ᠠ ᠭᠠᠳᠠᠨ᠎ᠠ᠂ ᠣᠷᠣᠨ ᠤ ᠳᠣᠲᠣᠷ᠎ᠠ ᠭᠠᠳᠠᠨᠠᠬᠢ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号