8 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 19 ᠳ᠋ᠦ᠋ᠭᠡᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ | ᠴᠢᠬᠤᠯᠠ ᠴᠣᠬᠤᠯᠠᠪᠤᠷᠢ᠂ ᠴᠢᠬᠤᠯᠠ ᠬᠠᠷᠢᠭᠤ ᠵᠠᠬᠢᠳᠠᠯ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ | ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠪᠸᠢ ᠶᠢᠨ ᠱᠢ ᠶᠠᠨ ᠤ | ᠳ᠋ᠠᠨ ᠵᠢᠶᠠᠩ ᠺᠸᠤ ᠶᠢᠨ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ | ᠦᠢᠯᠡᠴᠢᠯᠡᠭᠴᠢ ᠳᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠪᠣᠯᠣᠨ ︽ᠠᠵᠤ ᠠᠬᠤᠶ ᠨᠡᠶᠢᠭᠡᠮ ᠤᠨ ᠬᠥᠭᠵᠢᠯᠲᠡ ᠶᠢ | ᠲᠦᠷᠭᠡᠳᠭᠡᠵᠦ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠯᠲᠠ ᠶᠢ ᠦᠷᠭᠦᠯᠵᠢᠯᠡᠨ ᠠᠬᠢᠭᠤᠯᠵᠤ᠂ ︽ᠳᠤᠯᠤᠭ᠎ᠠ ᠶᠢ ᠵᠠᠰᠠᠭᠰᠠᠨ︾ ᠦᠷ᠎ᠡ ᠪᠦᠲᠦᠭᠡᠯ ᠢᠶᠠᠨ ᠪᠠᠬᠢᠵᠢᠭᠦᠯᠦᠨ | ᠥᠷᠭᠡᠳᠬᠡᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ | ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠬᠡᠦᠷᠰᠢᠭᠦᠯᠬᠦ ᠠᠵᠤ ᠠᠬᠤᠶᠢᠯᠠᠯ ᠤᠨ ᠬᠡᠳᠦ ᠳᠣᠣᠷ᠎ᠠ | ᠭᠠᠳᠠᠭᠰᠢᠯᠠᠭᠤᠯᠤᠯᠲᠠ ᠶᠢ ᠥᠭᠡᠷᠡᠴᠢᠯᠡᠬᠦ᠂ ᠠᠭᠠᠷ ᠮᠠᠨᠳᠠᠯᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠵᠦ ᠬᠤᠯᠪᠣᠭᠠᠯᠠᠨ ᠵᠠᠰᠠᠬᠤ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠢᠯᠲᠠᠭᠠᠨ ᠢᠶᠠᠷ ᠦᠩᠭᠡᠨ ᠲᠠᠯ᠎ᠠ ᠶᠢ ᠵᠠᠰᠠᠵᠤ | ᠪᠠᠶᠢᠭᠰᠠᠨ ᠠᠴᠠ ᠦᠨᠳᠦᠰᠦᠨ ᠠᠴᠠ ᠨᠢ ᠵᠠᠰᠠᠬᠤ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠤᠰᠤ ᠶᠢ | ᠬᠠᠮᠠᠭᠠᠯᠠᠵᠤ ᠤᠰᠤ ᠶᠢ ᠠᠷᠪᠢᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠠᠲᠤᠨ ᠭᠤᠣᠯ ᠤᠨ ᠥᠪᠥᠷ | ᠮᠣᠩᠭᠤᠯ ᠳᠤ ᠣᠷᠣᠬᠤ ᠠᠩᠬᠠᠨ ᠤ ᠦᠷᠳᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠲᠦᠷᠪᠡᠨ | ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠥᠷᠥᠰᠥ ᠰᠢᠷᠣᠢ ᠶᠢ | ᠬᠠᠮᠠᠭᠠᠯᠠᠬᠤ ᠠᠵᠢᠯ ᠤᠨ ᠰᠠᠶᠢᠨ ᠰᠠᠶᠢᠬᠠᠨ ᠪᠠᠶᠢᠳᠠᠯ ᠢ ᠴᠢᠨᠠᠭᠰᠢᠳᠠ ᠪᠠᠬᠢᠵᠢᠭᠦᠯᠵᠦ᠂ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠲᠤᠷ᠎ᠠ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠥᠷᠨᠢᠭᠦᠯᠵᠦ᠂ ᠤᠰᠤ ᠠᠷᠪᠢᠯᠠᠬᠤ ᠠᠵᠤ | ᠦᠢᠯᠡᠰᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠬᠠᠳᠤᠨ ᠭᠤᠣᠯᠤᠨ ᠭᠤᠣᠯ ᠤᠷᠤᠰᠬᠠᠯᠤᠨ ᠦᠬᠠᠢᠶᠢᠨ | ᠬᠡᠰᠡᠭᠤᠨ ᠤᠰᠤᠨᠤ ᠴᠢᠨᠠᠷ ᠢ Ⅱ ᠲᠦᠷᠦᠯ ᠵᠢᠴᠢ ᠲᠡᠭᠦᠨ ᠠᠴᠠ ᠳᠡᠭᠡᠭᠰᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠵᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠠᠵᠢᠯ ᠢᠶᠠᠷ ᠬᠦᠳᠦᠯᠥᠨ ᠳᠠᠭᠠᠭᠤᠯᠵᠤ᠂ ᠡᠨᠧᠷᠭᠢᠶᠢᠨ ᠬᠤᠷᠣᠭᠳᠠᠯᠤᠨ ᠬᠦᠴᠦᠯᠡᠴᠡ ᠶᠢ ᠦᠷᠭᠦᠯᠵᠢᠯᠡᠨ ᠪᠠᠭᠤᠷᠠᠭᠤᠯᠬᠤ | ᠬᠠᠷᠠᠯᠲᠠ ᠡᠭᠦᠷᠭᠡ ᠶᠢ ᠲᠣᠭᠲᠠᠭᠠᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯᠤᠨ ᠥᠭᠡᠷᠡᠴᠢᠯᠡᠯᠲᠡ᠂ | ︽ᠠᠯᠠᠱᠠᠶᠢᠨ ᠴᠠᠬᠢᠯᠭᠠᠨ ᠢ ᠦᠬᠠᠢ ᠳᠤ ᠣᠷᠣᠭᠤᠯᠬᠤ︾᠂ ᠪᠣᠬᠢᠷᠲᠤᠯ ᠦᠭᠡᠢ ᠴᠠᠬᠢᠯᠭᠠᠨ ᠢ ᠣᠷᠣᠯᠠᠭᠤᠯᠬᠤ ᠵᠡᠷᠭᠡ | ᠭᠤᠣᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠢ ᠨᠡᠶᠢᠭᠡᠮᠤᠨ ᠪᠣᠬᠢᠷᠲᠤᠯ ᠦᠭᠡᠢ ᠲᠤᠤᠷ᠎ᠠ | ᠨᠡᠭᠦᠷᠡᠰᠦᠲᠥ᠋ᠷᠥᠭᠴᠢᠲᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ︽ᠭᠤᠷᠪᠠ ᠶᠢ ᠪᠠᠲᠤᠯᠠᠬᠤ︾ | ᠠᠵᠢᠯ᠂ ᠪᠢᠨ ᠾᠧ ᠰᠢᠨ᠎ᠡ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠡᠮᠦᠨ᠎ᠡ ᠨᠡᠪᠲᠡᠷᠡᠬᠦ ᠲᠡᠮᠦᠷ ᠵᠠᠮ ᠤᠨ | ᠬᠥᠭᠦᠷᠭᠡ ᠲᠠᠯᠪᠢᠬᠤ ᠢᠨᠵᠧᠨᠧᠷᠢᠩ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ︽ᠦᠬᠠᠢ | ᠬᠤᠳᠠ ᠶᠢᠨ ᠲᠤᠰ ᠱᠠᠲᠤᠨ ᠤ ᠲᠥᠰᠦᠪ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ | ︽ᠦᠬᠠᠢ ᠬᠤᠳᠠ ᠶᠢᠨ ᠭᠠᠵᠠᠷ ᠰᠢᠷᠣᠢ ᠶᠢ ᠠᠰᠢᠭᠯᠠᠬᠤ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢᠨ | ᠬᠠᠮᠢᠶᠠᠷᠤᠯᠲᠠ ᠶᠢᠨ ᠨᠠᠷᠢᠨ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ |