ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠤᠭᠤᠷᠢᠭ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/23
     8 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠬᠤᠷᠠᠯᠳᠤᠪᠠ᠃      ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ ᠤᠨ ᠳᠡᠭᠡᠷ᠎ᠡ ᠬᠠᠭᠠᠰ ᠵᠢᠯ ᠤᠨ ᠠᠵᠢᠯ ᠤᠨ ᠢᠯᠡᠳᠭᠡᠯ  ᠢ ᠰᠣᠨᠣᠰᠴᠤ ᠬᠢᠨᠠᠨ ᠵᠥᠪᠯᠡᠵᠦ᠂ ᠳᠣᠣᠷ᠎ᠠ ᠬᠠᠭᠠᠰ ᠵᠢᠯ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠤ᠂ ︽ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃      ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠣᠣᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠬᠤ ᠶᠢ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠣᠣᠱᠯᠠᠭᠤᠯᠬᠤ ᠯᠤᠭ᠎ᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠯᠤᠭ᠎ᠠ ᠤᠶᠠᠯᠳᠤᠭᠤᠯᠵᠤ᠂ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠣᠣᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ  ᠳᠤ ᠠᠩᠬᠠᠷᠣᠯ ᠢᠶᠠᠨ ᠲᠦᠪᠯᠡᠷᠡᠬᠦᠯᠵᠦ᠂ ᠨᠢᠭᠡ ᠴᠤᠬᠴᠠᠵᠢᠭᠤᠯᠤᠨ ᠰᠤᠷᠤᠯᠴᠠᠵᠤ᠂ ᠪᠦᠬᠦᠯᠢ ᠴᠣᠭᠴᠠ ᠪᠠᠷ ᠨᠢ ᠡᠵᠡᠮᠳᠡᠵᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠪᠠ ᠡᠭᠡᠯᠵᠢᠯᠡᠬᠦ ᠪᠣᠯᠪᠠᠰᠤᠷᠠᠯ ᠢ ᠪᠦᠯᠦᠭ ᠤᠳᠠᠭ᠎ᠠ ᠬᠤᠪᠢᠶᠠᠨ ᠥᠷᠨᠢᠭᠦᠯᠵᠦ᠂ ᠰᠤᠷᠤᠯᠴᠠᠨ ᠤᠬᠠᠭᠤᠯᠵᠤ ᠲᠣᠣᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ ᠭᠡᠵᠡᠢ᠃      ᠪᠦᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠦᠴᠦ ᠪᠠᠨ ᠲᠥᠪᠯᠡᠷᠡᠭᠦᠯᠦᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠦᠴᠦᠯᠡᠨ ᠠᠬᠢᠭᠤᠯᠵᠤ᠂ ᠦᠬᠠᠢ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠪᠣᠯᠤᠨ ᠬᠠᠶᠢᠨᠠᠨ ᠲᠣᠭᠤᠷᠢᠭ ᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠪᠣᠳᠠᠲᠠᠢ ᠠᠳᠬᠤᠬᠤ ᠬᠡᠷᠡᠭᠳᠡᠢ︔ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠬᠦᠴᠦᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠦᠲᠦᠮᠵᠢᠲᠡᠢ ᠲᠦᠷᠦᠭᠳᠡᠯ ᠲᠠᠢ ᠪᠠᠷ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠦ᠂ ᠨᠠᠮ ᠢᠶᠠᠨ ᠡᠭᠦᠷᠢᠳᠡ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠲᠤᠯᠤᠭᠠᠨ ᠵᠢᠱᠢᠶ᠎ᠡ ᠦᠵᠡᠬᠦᠯᠬᠦ︾ ᠲᠠᠯ᠎ᠠ ᠪᠠᠷ ᠬᠠᠶᠢᠨᠠᠨ ᠲᠣᠭᠤᠷᠢᠭ ᠤᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号