ᠼᠦᠢ ᠵᠢᠩ ᠶᠢᠩ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/8/27
     8 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠤᠳᠠ ᠲᠣᠭᠤᠷᠢᠭ ᠲᠤ ᠬᠦᠷᠴᠦ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠤᠳᠠ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠰᠢᠩ ᠹᠦ᠋ ᠵᠡᠭᠡᠯᠢ ᠶᠢᠨ ᠪᠠᠭ᠎ᠠ ᠰᠤᠷᠭᠠᠭᠤᠯᠢ᠂ ᠬᠤᠳᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠪᠦᠳᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠪᠠᠭᠰᠢ ᠶᠢᠨ ᠡᠩᠨᠡᠭᠡ ᠪᠣᠯᠤᠨ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ ᠮᠥᠨ᠂ ᠢᠷᠡᠭᠡᠳᠦᠢ ᠶᠢᠨ ᠬᠥᠭᠵᠢᠯᠲᠡ ᠲᠠᠢ ᠬᠤᠯᠪᠣᠭᠳᠠᠨ᠎ᠠ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠨᠳᠦᠰᠦᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠪᠣᠯᠤᠨ ᠰᠤᠷᠤᠭᠴᠢᠳ ᠤᠨ ᠦᠰᠦᠨ ᠪᠤᠶᠢᠵᠢᠬᠤ ᠵᠢᠮ᠎ᠡ ᠶᠣᠰᠣ ᠶᠢ ᠵᠢᠷᠤᠮᠯᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠤᠷᠤᠭᠴᠢᠳ ᠢ ᠬᠥᠮᠦᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+ N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠣᠷᠣᠨ ᠪᠦᠰᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠤᠲᠠ ᠬᠥᠳᠡᠭᠡ ᠶᠢ ᠨᠢᠭᠡ ᠴᠤᠭᠴᠠᠵᠢᠭᠤᠯᠬᠤ᠂ ᠰᠤᠷᠭᠠᠭᠤᠯᠢ ᠶᠢᠨ ᠬᠤᠭᠤᠷᠣᠨᠳᠣᠬᠢ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠵᠦ᠂ ᠣᠶᠤᠨᠴᠢ ᠰᠤᠷᠭᠠᠨ ᠬᠥᠮᠦᠵᠢᠯ ᠤᠨ ᠳ᠋ᠢᠵᠢᠲ᠋ᠠᠯᠴᠢᠯᠠᠯᠲᠠ᠂ ᠰᠤᠷᠤᠭᠴᠢᠳ ᠤᠨ ᠬᠠᠶᠢᠷ᠎ᠠ ᠬᠠᠯᠠᠮᠵᠢ ᠶᠢᠨ ᠳᠦᠷᠢᠮᠵᠢᠯᠲᠡ ᠶᠢᠨ ᠪᠠᠶᠢᠭᠤᠯᠤᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠡᠩᠴᠡᠭᠦᠷᠢᠲᠡᠶ ᠪᠠᠶᠢᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠴᠢᠳᠠᠪᠤᠷᠢᠲᠠᠨ ᠢ ︽ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ︾ ᠠᠵᠢᠯ ᠢᠶᠠᠨ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠵᠢᠭᠠᠨ ᠰᠤᠷᠭᠠᠯᠲᠠ ᠶᠢᠨ ᠰᠤᠷᠲᠠᠯ ᠰᠤᠷᠤᠯᠴᠠᠬᠤ ᠠᠭᠤᠷ ᠠᠮᠢᠰᠬᠤᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠦᠨᠡᠨ ᠬᠦ ᠪᠠᠶᠢᠭᠤᠯᠬᠤ ᠬᠡᠷᠡᠭᠲᠡᠢ᠃ ᠡᠯ᠎ᠡ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠭᠠᠨ ᠰᠤᠷᠭᠠᠬᠤ ᠠᠰᠠᠷ᠂ ᠪᠠᠶᠢᠷᠢ᠂ ᠬᠤᠭᠤᠯᠠᠨ ᠭᠡᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠠᠮᠤᠷ ᠲᠦᠪᠰᠢᠨ᠂ ᠲᠣᠭᠲᠠᠭᠤᠨ ᠢᠶᠠᠷ ᠰᠢᠨ᠎ᠡ ᠰᠤᠷᠤᠯᠭ᠎ᠠ ᠶᠢᠨ ᠵᠢᠯ ᠢ ᠤᠭᠲᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号