ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ  ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/8/29
        —ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠶᠢ ᠰᠣᠷᠪᠣᠯᠵᠢᠯᠠᠭᠰᠠᠨ ᠨᠢ     ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ  ᠨᠢ᠂ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠲᠡᠭᠦᠰᠦᠭᠰᠡᠨ ᠤ ᠳᠠᠷᠠᠭ᠎ᠠ ᠬᠤᠷᠠᠯᠳᠤᠭᠤᠯᠤᠭᠰᠠᠨ ᠨᠢᠭᠡ ᠤᠳᠠᠭᠠᠨ ᠤ ᠠᠯᠤᠰ ᠬᠡᠲᠦ ᠶᠢᠨ ᠨᠥᠯᠥᠭᠡ ᠲᠠᠢ᠂ ᠴᠢᠬᠤᠯᠠ ᠶᠡᠭᠡ ᠠᠴᠢ ᠬᠤᠯᠪᠣᠭᠳᠠᠯ ᠲᠠᠢ ᠦᠪᠡᠳᠡᠭᠰᠢ ᠴᠤᠭᠯᠠᠭᠠᠨ ᠮᠥᠨ᠃ ᠪᠦᠬᠦᠳᠡ ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠣᠳᠠᠲᠠᠢ ᠠᠳᠬᠤᠵᠤ᠂ ᠬᠡᠷᠡᠭᠵᠢᠭᠦᠯᠬᠦ ᠲᠥᠰᠦᠯ ᠪᠣᠯᠤᠨ ᠣᠨ ᠤ ᠲᠥᠯᠥᠪᠯᠡᠭᠡ ᠲᠠᠢ ᠬᠠᠷᠢᠴᠠᠭᠤᠯᠤᠨ ᠳᠠᠷᠤᠯᠲᠠ ᠥᠭᠴᠦ ᠬᠦᠴᠦᠯᠡᠨ ᠠᠬᠢᠭᠤᠯᠵᠤ᠂ ᠵᠢᠯ ᠤᠨ ᠡᠴᠦᠰ ᠲᠤ ᠲᠣᠭᠲᠠᠭᠰᠠᠨ ᠬᠤᠭᠤᠴᠠᠭᠠᠨ ᠳᠠᠭᠠᠨ ᠳᠠᠩᠰᠠ ᠮᠡᠳᠡᠭᠦᠯᠵᠦ ᠰᠢᠯᠭᠠᠯᠲᠠ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠣᠨᠣᠪᠴᠢᠲᠠᠢ ᠡᠵᠡᠮᠳᠡᠵᠦ᠂ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠤᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠣᠷᠢᠳᠠᠪᠡᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢ ᠬᠦᠴᠦᠯᠡᠨ ᠪᠠᠲᠤᠯᠠᠵᠤ᠂ ᠪᠣᠭᠤᠮᠲᠠ ᠰᠢᠪᠲᠤᠯᠬᠤ ᠪᠠᠶᠢᠳᠠᠯ ᠢᠶᠠᠷ ᠪᠦᠬᠦ ᠵᠢᠯ ᠤᠨ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠵᠦ᠂ ᠬᠤᠳᠠ ᠶᠢᠨ ᠨᠠᠮ ᠤᠨ ᠬᠤᠷᠢᠶ᠎ᠠ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠣᠯᠤᠨ᠎ᠠ ᠭᠡᠵᠡᠢ᠃      ᠼᠦᠢ ᠬᠤᠩ ᠪᠥᠸᠧ ᠢᠯᠡᠷᠭᠡᠶᠢᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦᠳᠠ ᠬᠤᠷᠠᠯ ᠠᠴᠠ ᠠᠵᠢᠯ ᠤᠨ ᠲᠤᠬᠠᠢ ᠳᠤᠷᠠᠳᠤᠭᠰᠠᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠶᠢ ᠡᠷᠡᠰ ᠭᠤᠶᠢᠪᠢᠰᠢ ᠦᠭᠡᠢ ᠲᠤᠪᠤᠶᠢᠯᠭᠠᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠣᠭᠠᠴᠢᠨ ᠤᠷᠢᠬᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠠᠲᠤᠯᠠᠭ᠎ᠠ᠂ ᠪᠦᠬᠦ ᠴᠠᠭ ᠬᠤᠭᠤᠴᠠᠭᠠᠨ ᠳᠤ ᠤᠨᠢᠨ ᠳᠡᠭᠡᠷ᠎ᠡ ᠨᠢ ᠦᠢᠯᠡᠴᠢᠯᠡᠬᠦ ᠪᠠᠨ ᠴᠢᠩᠭᠠᠳᠬᠠᠵᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠳᠤ ᠬᠦᠷᠴᠦ᠂ ︽ᠴᠢᠭ ᠠᠴᠠ ᠴᠢᠭ ᠲᠤ ᠬᠦᠷᠬᠦ︾ ᠤᠨᠢᠨ ᠳᠡᠭᠡᠷ᠎ᠡ ᠨᠢ ᠬᠤᠳᠠᠯᠳᠣᠭᠠᠴᠢᠨ ᠤᠷᠢᠬᠤ ᠶᠢ ᠥᠷᠨᠢᠭᠦᠯᠵᠦ᠂ BDO ᠶᠢᠨ ᠳᠤᠤᠷᠠᠳᠤ ᠤᠷᠤᠰᠬᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ᠂ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠵᠢᠯ ᠤᠨ ᠲᠣᠭᠤᠷᠢᠨ ᠳᠤ ᠭᠤᠣᠯ ᠰᠡᠳᠦᠪ ᠢᠶᠠᠷ ᠬᠤᠳᠠᠯᠳᠣᠭᠠᠴᠢᠨ ᠤᠷᠢᠬᠤ ᠶᠢ ᠥᠷᠨᠢᠭᠦᠯᠵᠦ᠂ ᠪᠦᠬᠦ ᠵᠢᠯ ᠳᠤ 85 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠬᠦ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠪᠠᠨ ᠰᠠᠶᠢᠲᠤᠷ ᠬᠢᠵᠦ᠂ ᠴᠢᠩ ᠲᠤᠤ ᠠᠷᠭ᠎ᠠ ᠲᠦᠢᠯ ᠤᠨ ᠮᠠᠲ᠋ᠧᠷᠢᠶᠠᠯ᠂ ᠢᠷᠢᠳᠢᠲᠤ ᠮᠣᠯᠢᠪᠳᠧᠨ ᠤ ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠠᠴᠢᠶᠠᠨ ᠤ ᠮᠠᠰᠢᠨ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠭᠤᠷᠪᠠ ᠳᠤ᠂ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠣᠬᠤᠢ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠢᠮᠠᠭᠲᠠ ᠴᠢᠩᠭ᠎ᠠ ᠪᠣᠳᠠᠲᠠᠶ ᠪᠠᠶᠢᠬᠤ ᠶᠢ ᠪᠠᠷᠢᠮᠲᠠᠯᠠᠵᠤ᠂ ︽ᠳᠣᠯᠤᠭ᠎ᠠ ᠶᠢ ᠵᠠᠰᠠᠭᠰᠠᠨ︾ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠠᠶᠢᠶ᠋ᠢᠦ ᠲᠣᠰᠣᠨ ᠤ ᠠᠴᠢᠶᠠᠨ ᠤ ᠮᠠᠰᠢᠨ  ᠢ ᠣᠷᠭᠢᠯ ᠤᠨ ᠬᠤᠭᠤᠴᠠᠭ᠎ᠠ ᠵᠥᠷᠢᠭᠦᠯᠦᠨ ᠭᠠᠳᠠᠭᠰᠢ ᠭᠠᠷᠬᠤ ᠶᠢ ᠦᠷᠭᠦᠯᠵᠢᠯᠡᠨ ᠬᠡᠷᠡᠭᠵᠢᠭᠦᠯᠵᠦ᠂ ᠣᠽᠣᠨ ᠤ ᠥᠳᠬᠡᠴᠡ ᠶᠢ ᠴᠢᠩᠭ᠎ᠠ ᠬᠢᠵᠠᠭᠠᠷᠯᠠᠨ᠎ᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠵᠢᠯ ᠤᠨ ᠳᠣᠲᠣᠷ᠎ᠠ ᠪᠦᠬᠦ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ PM—2.5 ᠶᠢ ᠵᠢᠯ ᠤᠨ ᠳᠤᠮᠳᠠᠴᠢ ᠥᠳᠬᠡᠴᠡ ᠲᠣᠭᠲᠠᠭᠤᠨ ᠢᠶᠠᠷ ᠪᠠᠭᠤᠷᠠᠬᠤ ᠶᠢ ᠦᠨᠡᠨᠬᠦ ᠪᠠᠲᠤᠯᠠᠨ᠎ᠠ᠃ ᠳᠥᠷᠪᠡ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ 2024 ᠣᠨ ᠳᠤ 51 ᠬᠠᠭᠤᠴᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠤᠨ᠎ᠠ︔ ᠰᠢᠨ᠎ᠡ ᠢ ᠯᠢᠨ ᠵᠠᠬ᠎ᠠ ᠳᠡᠯᠭᠡᠭᠦᠷ ᠢ ᠵᠢᠯ ᠤᠨ ᠳᠣᠲᠣᠷ᠎ᠠ ᠠᠵᠢᠯ ᠢᠶᠠᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠩ ᠤᠯᠠᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠤᠳᠠ ᠶᠢᠨ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠪᠠ ᠬᠠᠷᠢᠶᠠᠯᠠᠭᠳᠠᠬᠤ ᠲᠦᠷᠦᠭᠳᠡᠯ ᠢ ᠨᠢ ᠳᠡᠭᠡᠭᠰᠢᠯᠡᠭᠦᠯᠦᠨ᠎ᠡ᠃ ᠲᠠᠪᠤ ᠳᠤ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠢᠮᠠᠭᠲᠠ ᠲᠤᠤᠱᠯᠠᠭᠤᠯᠵᠤ᠂ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠵᠠᠰᠠᠯᠲᠠ ᠶᠢ ᠠᠭᠤᠰᠤᠯᠴᠠᠭᠤᠯᠬᠤ ᠲᠦᠪᠰᠢᠨ ᠢᠶᠠᠨ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠠᠶᠢᠷᠤᠪ ᠤᠨ ᠲᠤᠬᠤᠢ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号