2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠠᠬᠤᠢ ᠲᠠᠯᠠᠪᠠᠢ ᠶᠢᠨ ᠠᠯᠪᠠᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/5
     8 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠦᠬᠠᠶ ᠨᠠᠭᠤᠷ ᠤᠨ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠤ ᠲᠣᠭᠯᠠᠯᠲᠠ ᠶᠢᠨ ᠠᠭᠤᠳᠠᠮ ᠲᠠᠯᠠᠪᠠᠶ ᠳᠤ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠠᠬᠤᠢ ᠲᠠᠯᠠᠪᠠᠢ ᠶᠢᠨ ᠠᠯᠪᠠᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠣᠷᠣᠯᠴᠠᠪᠠ᠃      ᠠᠬᠤᠢ ᠲᠠᠯᠠᠪᠠᠢ ᠶᠢᠨ ᠠᠯᠪᠠᠨ ᠠᠵᠢᠯ ᠤᠨ ᠬᠤᠷᠠᠯ ᠳᠡᠭᠡᠷ᠎ᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ᠂ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠭᠵᠢᠭᠦᠯᠦᠯᠳᠡ ᠶᠢᠨ ᠲᠥᠪ ᠵᠡᠷᠭᠡ ᠰᠠᠯᠠᠭ᠎ᠠ ᠮᠥᠴᠢᠷ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ 2024 ᠣᠨ  ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠠᠬᠤᠢ ᠲᠠᠯᠠᠪᠠᠢ ᠶᠢᠨ ᠪᠠᠶᠢᠷᠢᠯᠠᠭᠤᠯᠤᠯᠲᠠ᠂ ᠲᠠᠶᠢᠰᠠ ᠪᠠᠶᠢᠭᠤᠯᠬᠤ᠂ ᠠᠭᠤᠷ ᠠᠮᠢᠰᠬᠤᠯ ᠢ ᠪᠣᠶ ᠪᠣᠯᠭᠠᠬᠤ᠂ ᠠᠮᠤᠷ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠨᠠᠷᠢᠨ ᠲᠠᠨᠢᠯᠴᠠᠭᠤᠯᠪᠡ᠃      ᠮᠧᠩ ᠫᠸᠢ ᠶᠦᠨ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠢ ᠦᠨᠳᠦᠷ ᠬᠢᠷᠢ ᠲᠦᠪᠰᠢᠨ ᠲᠠᠢ᠂ ᠦᠨᠳᠦᠷ ᠦᠷ᠎ᠡ ᠪᠦᠲᠦᠮᠵᠢ ᠲᠠᠢ ᠡᠷᠬᠢᠯᠡᠬᠦ ᠶᠢ ᠪᠠᠲᠤᠯᠠᠬᠤ ᠬᠡᠷᠡᠭᠲᠡᠢ︔ ᠠᠮᠤᠷ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠶᠢᠨ ᠡᠮᠬᠢ ᠳᠢᠭᠯᠢᠮ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ︔ ᠠᠭᠤᠯᠭ᠎ᠠ ᠪᠠᠷ ᠪᠠᠶᠠᠯᠢᠭ ᠰᠣᠶᠣᠯ ᠤᠨ ᠡᠭᠦᠳᠦᠯᠲᠡ ᠶᠢᠨ ᠦᠢᠯᠡᠳᠬᠦᠨ ᠵᠢᠴᠢ ᠰᠣᠶᠣᠯ ᠬᠤᠳᠠᠯᠳᠤᠭᠠᠨ ᠤ ᠢᠵᠢ ᠪᠦᠷᠢᠳᠦᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠲᠣᠰ ᠤᠳᠠᠭᠠᠨ ᠤ ᠠᠷᠠᠳ ᠤᠨ ᠳᠠᠭᠤᠤ ᠶᠢᠨ ᠥᠪᠡᠳᠡᠭᠰᠢ ᠨᠠᠶᠢᠷ ᠲᠤ ᠭᠦᠨ ᠵᠤᠵᠠᠭᠠᠨ ᠠᠭᠤᠷ ᠠᠮᠢᠰᠬᠤᠯ ᠨᠡᠮᠡᠷᠢᠯᠡᠬᠦ ᠬᠡᠷᠡᠭᠲᠡᠢ︔ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢᠶᠠᠨ ᠰᠠᠶᠢᠲᠤᠷ ᠠᠳᠬᠤᠵᠤ᠂ ᠲᠣᠰ ᠬᠤᠭᠤᠴᠠᠭᠠᠨ ᠤ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠡᠮᠬᠢ ᠵᠢᠷᠤᠮ ᠲᠠᠢ᠂ ᠠᠮᠤᠷ ᠲᠦᠪᠰᠢᠨ᠂ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号