ᠳ᠋ᠦ᠋ ᠪᠥᠸᠧ ᠵᠢᠶᠦ᠋ᠨ᠂ ᠼᠦᠢ ᠵᠢᠩ ᠶᠢᠩ ᠣᠯᠢᠮᠫᠢᠺ ᠤᠨ ᠮᠠᠩᠯᠠᠶ ᠶᠠᠩ ᠵᠢᠶᠠ ᠢᠦᠶ ᠶᠢᠨ ᠭᠡᠷ ᠪᠦᠯᠢ ᠶᠢᠨ ᠬᠢᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/8/5
     8 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠦᠬᠠᠶ ᠶᠢᠨ ᠬᠡᠦᠬᠡᠨ ᠶᠠᠩ ᠵᠢᠶᠠ ᠢᠦᠶ ᠫᠠᠷᠢᠰ ᠤᠨ ᠣᠯᠢᠮᠫᠢᠺ ᠤᠨ ᠡᠮᠡᠭᠲᠡᠶ ᠶᠢᠨ 20 ᠺᠢᠯᠤᠮᠧᠲᠷ ᠤᠨ ᠠᠯᠬᠤᠭ᠎ᠠ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠠᠯᠲᠠᠨ ᠮᠧᠳᠠᠯ ᠤᠯᠪᠠ᠃ 8 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ‌‍ᠤᠨ ᠣᠷᠳᠣᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠪᠡᠶ᠎ᠡ‌‍ᠶᠢᠨ ᠲᠠᠮᠢᠷ ᠤᠨ ᠲᠣᠪᠴᠢᠶᠠᠨ ᠤ ᠳᠠᠷᠤᠭ᠎ᠠ ᠳ᠋ᠦ᠋ ᠪᠥᠸᠧ ᠵᠢᠶᠦ᠋ᠨ᠂ ᠬᠤᠲᠠ‌‍ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠥᠪᠡᠷᠲᠡᠭᠡᠨ ᠵᠠᠰᠠᠬᠤ ᠣᠷᠣᠨ ᠤ ᠨᠠᠮ‌‍ᠤᠨ ᠬᠤᠷᠢᠶ᠎ᠠ᠂ ᠵᠠᠰᠠᠭ‌‍ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠪᠥᠬᠦ ᠬᠤᠲᠠ‌‍ᠶᠢᠨ ᠠᠷᠠᠳ ᠲᠦᠮᠡᠨ ᠤ ᠡᠮᠦᠨ᠎ᠡ ᠠᠴᠠ ᠶᠠᠩ ᠵᠢᠶᠠ ᠢᠦᠶ ᠶᠢᠨ ᠬᠡᠷ ᠤᠨ ᠬᠥᠮᠦᠰ ᠲᠤ ᠬᠠᠯᠠᠭᠤᠨ ᠪᠠᠶᠠᠷ ᠬᠦᠷᠭᠡᠭᠰᠡᠨ ᠪᠥᠭᠡᠳ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ‌‍ᠤᠨ ᠳᠠᠷᠤᠭ᠎ᠠ ᠮᠧᠩ ᠫᠸᠢ ᠶᠦᠨ ᠲᠣᠬᠤᠨᠢᠭᠤᠯᠬᠤ ᠳᠤ ᠣᠷᠣᠯᠴᠠᠪᠠ᠃      ᠶᠠᠩ ᠵᠢᠶᠠ ᠢᠤᠢ ᠶᠢᠨ ᠭᠡᠷ ᠲᠤ᠂ ᠳ᠋ᠦ᠋ ᠪᠥᠸᠧ ᠵᠢᠶᠦ᠋ᠨ᠂ ᠼᠦᠢ ᠵᠢᠩ ᠶᠢᠩ ᠶᠠᠩ ᠵᠢᠶᠠ ᠢᠦᠢ ᠶᠢᠨ ᠡᠵᠢ ᠲᠠᠢ ᠳᠣᠲᠣᠨᠣ ᠪᠠᠷ ᠶᠠᠷᠢᠯᠴᠠᠵᠤ᠂ ᠶᠠᠩ ᠵᠢᠶᠠ ᠢᠦᠢ ᠶᠢᠨ ᠦᠰᠦᠨ ᠪᠤᠶᠢᠵᠢᠭᠰᠠᠨ ᠥᠩᠭᠡᠷᠡᠯᠲᠡ ᠪᠣᠯᠤᠨ ᠪᠣᠯᠪᠠᠰᠤᠷᠠᠯ ᠤᠨ ᠪᠠᠶᠢᠳᠠᠯ ᠢ ᠨᠢ ᠨᠠᠷᠢᠨ ᠣᠶᠢᠯᠠᠭᠠᠪᠠ᠃ ᠳ᠋ᠦ᠋ ᠪᠥᠸᠧ ᠵᠢᠶᠦ᠋ᠨ ᠬᠡᠯᠡᠭᠰᠡᠨ ᠨᠢ᠂ ᠶᠠᠩ ᠵᠢᠶᠠ ᠢᠦᠶ ᠶᠢᠨ ᠡᠩ ᠤᠨ ᠦᠶ᠎ᠡ ᠳᠤ ᠪᠣᠯᠪᠠᠰᠤᠷᠠᠯ ᠯᠠᠪᠳᠠᠭᠤᠨ ᠪᠠᠲᠤᠲᠠᠶ᠂ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠰᠢᠯᠢᠳᠡᠭ ᠢᠯᠡᠷᠡᠯ ᠲᠠᠢ ᠪᠠᠶᠢᠵᠤ᠂ ᠳᠤᠮᠳᠠᠳᠤ ᠤᠯᠤᠰ ᠤᠨ ᠲᠠᠮᠢᠷᠴᠢᠳ ᠤᠨ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠪᠠ ᠤᠯᠤᠰ ᠢᠶᠠᠨ ᠬᠠᠶᠢᠷᠠᠯᠠᠬᠤ ᠴᠢᠩᠭ᠎ᠠ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠲᠡᠭᠦᠨ ᠤ ᠲᠡᠮᠡᠴᠡᠯ ᠤᠨ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠠᠬᠢᠨᠲᠠ ᠰᠢᠯᠢᠳᠡᠭ ᠠᠮᠵᠢᠯᠲᠠ ᠶᠢ ᠡᠭᠦᠳᠴᠦ᠂ ᠡᠬᠡ ᠤᠯᠤᠰ ᠲᠠᠭᠠᠨ ᠨᠡᠩ ᠶᠡᠭᠡ ᠢᠷᠠᠭᠤ ᠠᠯᠳᠠᠷ ᠤᠯᠬᠤ ᠶᠢ ᠬᠦᠰᠡᠵᠦ ᠪᠠᠶᠢᠨ᠎ᠠ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠶᠠᠩ ᠵᠢᠶᠠ ᠢᠦᠢ ᠪᠣᠯ ᠦᠬᠠᠢ ᠬᠤᠳᠠ ᠪᠠᠶᠢᠭᠤᠯᠤᠭᠳᠠᠭᠰᠠᠨ 48 ᠵᠢᠯ ᠤᠨ ᠲᠤᠷᠰᠢ ᠬᠥᠮᠦᠵᠢᠭᠦᠯᠦᠨ ᠭᠠᠷᠭᠠᠭᠰᠠᠨ ᠠᠩᠬᠠᠳᠠᠭᠴᠢ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠢ ᠪᠣᠯᠤᠨ᠎ᠠ᠂ ᠲᠡᠷᠡ ᠭᠡᠷ ᠤᠨ ᠬᠥᠮᠦᠰ ᠤᠨ ᠢᠶᠠᠨ ᠣᠮᠣᠭᠰᠢᠯ ᠪᠣᠯᠬᠤ ᠪᠠᠷ ᠪᠠᠷᠠᠬᠤ ᠦᠭᠡᠢ᠂ ᠪᠠᠰᠠ ᠴᠤ ᠦᠬᠠᠢ ᠶᠢᠨ ᠣᠮᠣᠭᠰᠢᠯ᠂ ᠥᠪᠥᠷ ᠮᠣᠩᠭᠤᠯ ᠤᠨ ᠣᠮᠣᠭᠰᠢᠯ ᠪᠣᠯᠤᠨ᠎ᠠ᠂ ᠨᠡᠩ ᠴᠤ ᠤᠯᠤᠰ ᠤᠨ ᠣᠮᠣᠭᠰᠢᠯ ᠪᠣᠯᠤᠨ᠎ᠠ᠃ ᠶᠠᠩ ᠵᠢᠶᠠ ᠢᠦᠢ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠲᠠᠯᠠᠪᠠᠢ ᠳᠤ ᠲᠡᠷᠢᠬᠦᠯᠡᠭᠰᠡᠨ ᠨᠢ ᠨᠠᠮ ᠪᠣᠯᠤᠨ ᠤᠯᠤᠰ ᠠᠴᠠ ᠶᠡᠬᠡᠪᠡᠷ ᠬᠥᠮᠦᠵᠢᠭᠦᠯᠦᠭᠰᠡᠨ ᠤ ᠦᠷ᠎ᠡ ᠳ᠋ᠦᠩ ᠮᠥᠨ᠂ ᠲᠡᠭᠦᠨ ᠤ ᠯᠠᠪᠳᠠᠭᠤᠨ ᠪᠠᠲᠤᠲᠠᠢ ᠬᠠᠲᠠᠭᠤᠵᠢᠯᠲᠠᠢ ᠪᠣᠯᠪᠠᠰᠤᠷᠠᠯ᠂ ᠰᠢᠷᠭᠠᠭᠤ ᠲᠡᠮᠡᠴᠡᠭᠰᠡᠨ ᠤ ᠦᠷ᠎ᠡ ᠳ᠋ᠦᠩ ᠮᠥᠨ᠂ ᠨᠡᠩ ᠴᠣ᠋ ᠭᠡᠷ ᠤᠨ ᠬᠥᠮᠦᠰ ᠨᠢ ᠨᠠᠷᠢᠨ ᠨᠢᠮᠪᠠᠢ ᠬᠥᠮᠦᠵᠢᠭᠦᠯᠦᠭᠰᠡᠨ ᠪᠠ ᠴᠥᠬᠦᠷᠡᠰᠢ ᠦᠭᠡᠢ ᠳᠡᠮᠵᠢᠭᠰᠡᠨ ᠤ ᠦᠷ᠎ᠡ ᠳ᠋ᠦᠩ ᠮᠥᠨ᠃ ᠨᠤᠲᠤᠭ ᠤᠨ ᠠᠷᠠᠳ ᠲᠦᠮᠡᠨ ᠥᠩᠭᠡᠷᠡᠭᠰᠡᠨ ᠲᠠᠢ ᠪᠠᠨ ᠠᠳᠠᠯᠢ ᠪᠠᠷ ᠶᠠᠩ ᠵᠢᠶᠠ ᠢᠦᠶ ᠶᠢ ᠳᠡᠮᠵᠢᠵᠦ᠂ ᠲᠡᠭᠦᠨ ᠤ ᠭᠡᠷ ᠤᠨ ᠬᠥᠮᠦᠰ ᠢ ᠬᠠᠯᠠᠮᠵᠢᠯᠠᠨ ᠬᠠᠶᠢᠷᠠᠯᠠᠵᠤ᠂ ᠲᠡᠭᠦᠨ ᠤ ᠪᠠᠲᠤ ᠴᠢᠩᠭ᠎ᠠ ᠥᠮᠥᠭ ᠲᠦᠰᠢᠭ ᠪᠤᠯᠵᠤ᠂ ᠲᠡᠭᠦᠨ ᠢ ᠨᠢᠭᠡ ᠰᠡᠳᠬᠢᠯ ᠨᠢᠭᠡ ᠵᠣᠷᠢᠭ ᠢᠶᠠᠷ ᠤᠷᠤᠯᠳᠤᠭᠠᠨ ᠤ ᠲᠠᠯᠠᠪᠠᠢ ᠳᠤ ᠡᠷᠡᠮᠡᠬᠡᠶᠢᠯᠡᠨ ᠲᠡᠮᠡᠴᠡᠵᠦ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠵᠤ᠂ ᠨᠤᠲᠤᠭ ᠤᠰᠤᠨ ᠳᠠᠭᠠᠨ ᠦᠩᠭᠡ ᠭᠡᠷᠡᠯ ᠨᠡᠮᠡᠷᠢᠯᠡᠬᠦ ᠶᠢ ᠬᠦᠰᠡᠵᠦ ᠪᠠᠶᠢᠨ᠎ᠠ᠃ ᠢᠷᠡᠭᠡᠳᠦᠢ ᠳᠤ ᠦᠬᠠᠢ ᠬᠤᠳᠠ ᠶᠢᠨ ᠬᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠪᠠ ᠪᠠᠲᠤᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠳᠤ ᠨᠡᠩ ᠤᠯᠠᠨ ᠰᠢᠯᠢᠳᠡᠭ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠦᠨ ᠬᠦᠷᠭᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号