ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 9 ᠳ᠋ᠤᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/5
     8 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 9 ᠳ᠋ᠤᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ᠂ ᠴᠢᠬᠤᠯᠠ ᠵᠢᠭᠠᠪᠤᠷᠢ ᠪᠠ ᠬᠠᠷᠢᠭᠤ ᠵᠠᠬᠢᠳᠠᠯ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠬᠦᠯᠬᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠯᠠᠮ ᠬᠦᠨᠵᠡᠭᠡᠶᠢᠷᠡᠬᠦᠯᠬᠦ ᠶᠢᠨ ᠲᠤᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ 7 ᠰᠠᠷ᠎ᠠ ᠶᠢᠨ 30 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠪᠣᠯᠤᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠵᠢᠷᠭᠤᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠭᠢ ᠴᠢᠬᠤᠯᠠ ᠶᠠᠷᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠵᠢᠴᠢ ᠬᠤᠯᠪᠣᠭᠳᠠᠯ ᠪᠦᠬᠦᠢ ᠬᠠᠷᠢᠭᠤ ᠵᠠᠬᠢᠳᠠᠯ᠂ ᠨᠡᠷ᠎ᠡ ᠬᠠᠳᠠᠭᠰᠠᠨ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ᠂ ᠵᠤᠨ ᠨᠠᠮᠤᠷ ᠤᠨ ᠤᠯᠠᠷᠢᠯ ᠳᠤ ᠴᠡᠷᠢᠭ ᠡᠯᠰᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ︽ᠭᠤᠷᠪᠠᠨ ᠵᠢᠯ ᠳᠠᠷᠠᠭᠠᠯᠠᠨ ᠮᠠᠩᠯᠠᠶᠢᠯᠠᠬᠤ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ︽ᠢᠲᠡᠭᠡᠯ ᠵᠣᠷᠢᠭ ᠢᠶᠠᠨ ᠡᠷᠬᠡᠪᠰᠢ ᠪᠠᠷᠢᠮᠲᠠᠯᠠᠶ᠎ᠠ︾ ᠬᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠭᠵᠢᠯᠲᠡ ᠶᠢᠨ ᠣᠯᠤᠭᠰᠠᠨ ᠶᠡᠷᠦ ᠪᠤᠰᠤ ᠶᠢᠨ ᠠᠮᠵᠢᠯᠲᠠ ᠠᠴᠠ ᠣᠶᠤᠨ ᠤᠬᠠᠭᠠᠨ ᠪᠠ ᠬᠦᠴᠦᠨ ᠴᠢᠳᠠᠯ ᠬᠦᠷᠳᠡᠵᠦ᠂ ︽ᠭᠤᠷᠪᠠ ᠶᠢ ᠨᠡᠶᠢᠳᠬᠡᠬᠦ︾ ︽ᠬᠤᠶᠠᠷ ᠰᠠᠭᠤᠷᠢᠨ ᠭᠠᠵᠠᠷ ᠨᠢᠭᠡ ᠲᠥᠪ︾ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠳᠤ ᠵᠣᠷᠢᠭᠲᠠᠶ ᠪᠠᠷ ᠬᠠᠲᠠᠭᠤ ᠲᠠᠢ ᠬᠠᠯᠳᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠬᠤᠷᠢᠶ᠎ᠠ ᠪᠠ ᠲᠦᠷᠦ ᠶᠢᠨ ᠪᠠᠶᠢᠭᠤᠯᠭ᠎ᠠ ᠳᠤ ᠦᠭᠭᠦᠭᠰᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠣᠱᠯᠠᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ  ᠢᠶᠠᠨ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠭᠠᠷ ᠤᠨ ᠲᠣᠷᠭᠠᠨ ᠵᠠᠮ︾ ᠳᠤ ᠢᠳᠡᠪᠬᠢᠲᠡᠢ ᠠᠭᠤᠰᠤᠯᠴᠠᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠡᠨᠧᠷᠭᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠣᠩᠭᠤᠯ ᠤᠯᠤᠰ ᠤᠨ ᠨᠡᠭᠦᠷᠡᠰᠦ ᠶᠢ ᠣᠷᠣᠭᠤᠯᠵᠤ ᠡᠳ᠋ᠰᠢᠭᠦᠯᠬᠦ ᠰᠠᠭᠤᠷᠢᠨ ᠭᠠᠵᠠᠷ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ︽ᠲᠠᠪᠤᠨ ᠰᠢᠰᠲ᠋ᠧᠮ︾ ᠢ ᠪᠦᠷᠢᠨᠰᠢᠬᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠦᠷᠭᠦᠯᠵᠢᠯᠡᠨ ᠰᠠᠬᠢᠯᠭ᠎ᠠ ᠪᠠᠲᠤ ᠶᠢ ᠰᠤᠷᠤᠯᠴᠠᠭᠤᠯᠵᠤ᠂ ᠤᠨᠢᠨ ᠳᠡᠭᠡᠷ᠎ᠡ ᠨᠢ ᠰᠠᠬᠢᠯᠭ᠎ᠠ ᠪᠠᠲᠤ ᠶᠢ ᠣᠶᠢᠯᠠᠭᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠨ ᠪᠦᠷᠢᠨᠰᠢᠬᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠭᠦᠨᠵᠡᠭᠡᠶᠢᠷᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠺᠠᠳ᠋ᠷ ᠤᠨ ᠬᠢᠨᠠᠯᠲᠠ ᠬᠠᠮᠢᠶᠠᠷᠤᠯᠲᠠ  ᠪᠠᠨ ᠬᠦᠴᠦᠯᠡᠨ ᠴᠢᠩᠭᠠᠳᠬᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠴᠢᠩᠭ᠎ᠠ ᠡᠭᠦᠷᠭᠡᠯᠡᠵᠦ᠂ ᠬᠤᠪᠢᠳᠠᠨ ᠬᠠᠮᠢᠶᠠᠷᠴᠦ ᠪᠠᠶᠢᠭ᠎ᠠ ᠪᠠᠨ ᠴᠢᠩᠭ᠎ᠠ ᠬᠠᠮᠢᠶᠠᠷᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠠᠵᠢᠯ ᠤᠨ ᠰᠤᠷᠲᠠᠯ  ᠢᠶᠠᠨ ᠦᠷᠭᠦᠯᠵᠢᠯᠡᠨ ᠬᠤᠪᠢᠷᠠᠭᠤᠯᠬᠤ ᠶᠢ ᠠᠬᠢᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ︽ᠤᠳᠠᠭᠠᠨ᠂ ᠪᠦᠳᠦᠭᠦᠯᠢᠭ᠂ ᠬᠠᠭᠤᠷᠮᠠᠭ︾ ᠵᠡᠷᠭᠡ ᠰᠤᠷᠲᠠᠯ ᠤᠨ ᠠᠷᠬᠠᠭ ᠬᠡᠮ ᠲᠡᠰᠢ ᠡᠷᠡᠰ ᠰᠢᠭᠤᠷᠬᠠᠢ ᠬᠠᠨᠲᠤᠵᠤ᠂ ᠠᠵᠢᠯ ᠤᠨ ᠬᠤᠷᠳᠤᠴᠠ ᠪᠠᠨ ᠲᠦᠷᠭᠡᠳᠬᠡᠬᠦ᠂ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ᠂ ᠬᠥᠭᠵᠢᠯᠲᠡ ᠭᠡᠬᠦ ᠬᠤᠶᠠᠷ ᠶᠠᠪᠤᠳᠠᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ︽ᠰᠢᠢᠳᠪᠦᠷᠢ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠰᠠᠨᠠᠯ︾ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠨᠢᠭᠡᠳ ᠨᠢᠭᠡ ᠪᠠᠷ ᠡᠮᠬᠢᠯᠡᠵᠦ᠂ ᠳᠠᠷᠤᠯᠲᠠ ᠪᠠ ᠬᠦᠴᠦ ᠨᠡᠮᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠤᠳᠠ ᠶᠢᠨ ᠨᠢᠭᠡ ᠮᠦᠴᠡᠲᠤ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠪᠦᠬᠦ ᠣᠷᠣᠨ ᠪᠦᠰᠡ ᠳᠤ ᠤᠷᠢᠳᠠᠪᠠᠷ ᠬᠡᠷᠡᠭᠵᠢᠭᠦᠯᠬᠦ ᠣᠷᠣᠨ ᠤ ᠲᠤᠷᠰᠢᠯᠲᠠ ᠶᠢᠨ ᠴᠢᠭ ᠢ ᠠᠬᠢᠭᠤᠯᠬᠤ᠂ ᠤᠰᠤᠨ ᠤ ᠲᠥᠰᠦᠪ ᠤᠨ ᠬᠠᠮᠢᠶᠠᠷᠤᠯᠲᠠ ᠶᠢᠨ ᠲᠤᠷᠰᠢᠯᠲᠠ ᠶᠢᠨ ᠴᠢᠭ ᠵᠡᠷᠭᠡ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠪᠦᠬᠦ ᠵᠢᠯ ᠤᠨ ᠬᠠᠷᠠᠯᠲᠠ ᠪᠠᠨ ᠯᠠᠪᠳᠠᠭᠤᠨ ᠪᠠᠲᠤᠲᠠᠢ ᠪᠡᠶᠡᠯᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ᠂ ᠬᠡᠷᠡᠭᠯᠡᠭᠡ ᠶᠢ ᠥᠷᠭᠡᠳᠬᠡᠬᠦ᠂ ᠥᠷᠢ ᠥᠭᠴᠡᠭᠡ ᠶᠢ ᠠᠷᠢᠯᠭᠠᠬᠤ ᠪᠠ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢᠶᠠᠨ ᠴᠢᠩᠭ᠎ᠠ ᠠᠳᠬᠤᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾ ᠪᠣᠯᠤᠨ ᠬᠤᠳᠠ ᠶᠢᠨ ᠨᠠᠮ ᠤᠨ ᠬᠤᠷᠢᠶᠠᠨ ᠤ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠬᠦ᠂ ᠳᠤᠮᠳ᠋ᠨ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠦᠬᠠᠢ ᠶᠢᠨ ᠬᠦᠴᠦᠨ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号