ᠬᠠᠳᠤᠨ ᠭᠤᠤᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠬᠠᠶ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/5
     8 ᠰᠠᠷ᠎ᠠ ᠶᠢᠨ 2 ᠤᠨ ᠡᠳᠦᠷ᠂ ᠬᠠᠳᠤᠨ ᠭᠤᠤᠯ ᠤᠨ ᠰᠠᠪᠠ ᠭᠠᠵᠠᠷ ᠤᠨ ᠠᠵᠤ ᠦᠢᠯᠡᠳᠪᠤᠷᠢ ᠶᠢᠨ ᠤᠰᠤ ᠠᠷᠪᠢᠯᠠᠬᠤ ᠲᠤᠬᠠᠶ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠮᠠᠨ ᠤ ᠬᠤᠲᠠ ᠳᠤ ᠶᠠᠪᠤᠭᠳᠠᠪᠠ᠃ ᠤᠰᠤᠨ ᠠᠰᠢᠭᠯᠠᠯᠲᠠ ᠶᠢᠨ ᠶᠠᠮᠤᠨ ᠤ ᠪᠥᠬᠦ ᠤᠯᠤᠰ ᠤᠨ ᠤᠰᠤ ᠠᠷᠪᠢᠯᠠᠵᠤ ᠬᠡᠷᠡᠭᠯᠡᠬᠦ ᠠᠯᠪᠠᠨ ᠬᠡᠷ ᠤᠨ ᠡᠷᠬᠢᠯᠡᠭᠴᠢ ᠵᠢᠶᠠᠩ ᠮᠥ ᠴᠧᠨ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠾᠧ ᠰᠢᠩ ᠵᠣᠣ᠂ ᠤᠰᠤᠨ ᠠᠰᠢᠭᠯᠠᠯᠲᠠ ᠶᠢᠨ ᠶᠠᠮᠤᠨ ᠤ ᠬᠦᠭᠵᠢᠬᠦᠯᠦᠯᠳᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠯᠢ ᠵᠣᠣ ᠵᠢᠶᠧ᠂ ᠤᠰᠤᠨ ᠠᠰᠢᠭᠯᠠᠯᠲᠠ ᠶᠢᠨ ᠶᠠᠮᠤᠨ ᠤ ᠪᠥᠬᠦ ᠤᠯᠤᠰ ᠤᠨ ᠤᠰᠤ ᠠᠷᠪᠢᠯᠠᠵᠤ ᠬᠡᠷᠡᠭᠯᠡᠬᠦ ᠠᠯᠪᠠᠨ ᠬᠡᠷ ᠤᠨ ᠤᠰᠤ ᠠᠷᠪᠢᠯᠠᠬᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠾᠧ ᠯᠠᠨ ᠴᠤᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠢᠴᠢ ᠳᠥᠷᠪᠡᠨ ᠶᠡᠭᠡ ᠪᠠᠭ ᠤᠨ ᠬᠤᠯᠪᠣᠭᠳᠠᠯ ᠪᠥᠬᠦᠶ ᠤᠳᠤᠷᠢᠳᠬᠤ ᠨᠥᠬᠦᠳ ᠣᠷᠣᠯᠴᠠᠪᠡ᠃      ᠵᠢᠶᠠᠩ ᠮᠥ ᠴᠧᠨ ᠬᠡᠯᠡᠭᠰᠡᠨ ᠨᠢ᠂ ᠬᠠᠲᠤᠨ ᠭᠤᠤᠯ ᠤᠨ ᠰᠠᠪᠠ ᠭᠠᠵᠠᠷ ᠪᠣᠯ ᠮᠠᠨ ᠤ ᠤᠯᠤᠰ ᠤᠨ ᠴᠢᠬᠤᠯᠠ ᠠᠮᠢ ᠠᠬᠤᠶ ᠶᠢᠨ ᠬᠠᠯᠬᠠᠪᠴᠢ ᠮᠥᠨ᠂ ᠪᠠᠰᠠ ᠴᠤ ᠮᠠᠨ ᠤ ᠤᠯᠤᠰ ᠤᠨ ᠤᠰᠤᠨ ᠤ ᠡᠬᠢ ᠪᠠᠶᠠᠯᠢᠭ ᠬᠠᠮᠤᠭ ᠤᠨ ᠳᠤᠲᠠᠭᠳᠠᠵᠤ ᠪᠠᠶᠢᠭ᠎ᠠ ᠭᠠᠵᠠᠷ ᠣᠷᠣᠨ ᠤ ᠨᠢᠭᠡ ᠮᠥᠨ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠪᠥᠬᠦ ᠲᠠᠯ᠎ᠠ ᠳᠤ ᠮᠠᠰᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠬᠠᠳᠤᠨ ᠭᠤᠣᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠠᠬᠢᠭᠤᠯᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ᠂ ᠰᠢ ᠶᠢᠨ ᠫᠢᠩ ᠶᠡᠷᠦᠩᠬᠡᠢ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠮᠦᠨ᠂ ᠮᠦᠨ ᠴᠣ᠋ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠨᠠᠶᠢᠳᠠᠪᠤᠷᠢᠵᠢᠭᠤᠯᠬᠤ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠲᠦᠷᠭᠡᠳᠬᠡᠬᠦ ᠴᠢᠬᠤᠯᠠ ᠭᠠᠷᠳᠠᠴᠠ ᠮᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠵᠤ ᠦᠢᠯᠡᠰ ᠤᠨ ᠪᠦᠲᠦᠴᠡ ᠶᠢ ᠪᠣᠬᠢᠷᠳᠤᠯ ᠦᠭᠡᠢ ᠪᠣᠯᠭᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠲᠤᠨ ᠭᠤᠤᠯ ᠳᠠᠭᠠᠤ ᠶᠢᠨ ᠡᠯ᠎ᠡ ᠮᠤᠵᠢ ᠣᠷᠣᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ ᠠᠷᠭ᠎ᠠ ᠮᠠᠶ᠋ᠢᠭ ᠢᠶᠠᠷ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠶ︔ ᠤᠰᠤ ᠶᠢ ᠭᠦᠨ ᠠᠷᠪᠢᠯᠠᠵᠤ ᠤᠰᠤ ᠶᠢ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠪᠠᠷᠢᠮᠲᠠᠯᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠣᠰ ᠡᠵᠡᠮᠳᠡᠯ︾ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ︔ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠤᠰᠤ ᠠᠷᠪᠢᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ︔ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠣᠷᠣᠭᠤᠯᠤᠯᠲᠠ ᠶᠢᠨ ᠪᠠᠲᠤᠯᠠᠭ᠎ᠠ ᠪᠠᠨ ᠴᠢᠩᠭᠠᠷᠠᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠬᠡᠪ ᠤᠨ ᠪᠤᠰᠤ ᠤᠰᠤ ᠶᠢ ᠨᠡᠭᠡᠭᠡᠨ ᠠᠰᠢᠭᠯᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠪᠣᠳᠠᠲᠤ ᠦᠷ᠎ᠡ ᠪᠦᠲᠦᠮᠵᠢ ᠪᠠᠷ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂ ᠦᠬᠠᠢ ᠬᠠᠳᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠦᠷᠳᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠤᠰᠤ︾ ᠶᠢ ᠬᠠᠮᠲᠤᠪᠠᠷ ᠵᠠᠰᠠᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠥᠮᠦᠨ ᠪᠠ ᠣᠰᠣ ᠵᠣᠬᠢᠴᠠᠩᠭᠤᠢ ᠪᠠᠶᠢᠬᠤ᠂ ᠬᠤᠳᠠ ᠪᠠ ᠤᠰᠤ ᠬᠠᠷᠢᠯᠴᠠᠨ ᠲᠤᠬᠢᠷᠠᠯᠴᠠᠬᠤ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠯᠢᠭᠡᠷ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠳᠡᠢ᠃ ᠪᠢᠳᠡ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠶᠡᠬᠡᠪᠡᠷ ᠠᠬᠢᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠬᠡᠷᠡᠭᠳᠡᠢ᠃ ᠡᠯ᠎ᠡ ᠲᠤᠰᠬᠠᠢ ᠮᠡᠷᠭᠡᠵᠢᠯᠲᠡᠨ ᠡᠷᠳᠡᠮᠲᠡᠨ ᠪᠣᠯᠤᠨ ᠠᠵᠤ ᠠᠬᠤᠶᠢᠯᠠᠯᠲᠠᠳ ᠲᠤᠰᠬᠠᠢ ᠮᠡᠷᠭᠡᠵᠢᠯ ᠤᠨ ᠬᠠᠷᠠᠭᠠᠰᠤ᠂ ᠥᠪᠡᠷᠮᠢᠴᠡ ᠦᠵᠡᠯᠲᠡ ᠪᠠᠷ ᠦᠬᠠᠢ ᠴᠢᠨᠠᠭᠰᠢᠯᠠᠪᠠᠯ ᠬᠠᠳᠤᠨ ᠭᠤᠣᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠠᠵᠢᠯ ᠳᠤ ᠤᠨᠢᠨ ᠳᠡᠭᠡᠷ᠎ᠡ ᠨᠢ ᠰᠤᠳᠠᠯ ᠪᠠᠷᠢᠵᠤ ᠠᠷᠭ᠎ᠠ ᠤᠬᠠᠭᠠᠨ ᠭᠠᠷᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢ ᠴᠢᠨᠠᠭᠰᠢᠳᠠ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠮᠠᠨ ᠤ ᠬᠤᠲᠠ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠤᠨ ᠲᠤᠬᠠᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ᠃ ᠬᠤᠷᠠᠯ ᠳᠡᠭᠡᠷ᠎ᠡ᠂ ᠤᠰᠤᠨ ᠠᠰᠢᠭᠯᠠᠯᠲᠠ ᠶᠢᠨ ᠶᠠᠮᠤᠨ᠂ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ᠂ ᠬᠠᠳᠤᠨ ᠭᠤᠣᠯ ᠳᠠᠭᠠᠤ ᠶᠢᠨ ᠬᠤᠯᠪᠣᠭᠳᠠᠯ ᠪᠦᠬᠦᠢ ᠮᠤᠵᠢ ᠣᠷᠣᠨ ᠬᠠᠮᠲᠤᠪᠠᠷ ︽ᠬᠠᠳᠤᠨ ᠭᠤᠣᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠠᠵᠢᠯᠯᠠᠭ᠎ᠠ ᠶᠢᠨ ᠲᠤᠩᠬᠠᠭ︾ ᠢ ᠨᠡᠶᠢᠲᠡᠯᠡᠪᠡ︔ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠲᠤᠷᠰᠢᠯᠭ᠎ᠠ᠂ ᠵᠠᠭᠪᠤᠷ᠂ ᠤᠷ᠎ᠠ ᠮᠡᠷᠭᠡᠰᠢᠯ ᠵᠡᠷᠭᠡ ᠪᠠᠨ ᠲᠠᠨᠢᠯᠴᠠᠭᠤᠯᠪᠠ᠃      ᠤᠰᠤᠨ ᠠᠰᠢᠭᠯᠠᠯᠲᠠ ᠶᠢᠨ ᠶᠠᠮᠤᠨ᠂ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ᠂ ᠬᠠᠳᠤᠨ ᠭᠤᠣᠯ ᠳᠠᠭᠠᠤ ᠶᠢᠨ ᠮᠤᠵᠢ ᠣᠷᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠳᠠᠭᠠᠤ ᠶᠢᠨ ᠠᠶᠢᠮᠠᠭ ᠬᠤᠳᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠤᠰᠤᠨ ᠤ ᠡᠬᠢ ᠪᠠᠶᠠᠯᠢᠭ ᠤᠨ ᠬᠦᠷᠢᠶᠡᠨ ᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠤᠨ ᠲᠥᠯᠥᠭᠡᠯᠡᠭᠴᠢ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号