ᠳᠠᠭᠤᠤ ᠪᠠᠷ ᠵᠠᠭᠤᠴᠢᠯᠠᠵᠤ  ᠡᠯ᠎ᠡ ᠦᠨᠳᠦᠰᠦᠲᠡᠨ ᠡᠯ᠎ᠡ ᠭᠠᠵᠠᠷ ᠣᠷᠣᠨ ᠤ ᠣᠨᠴᠠᠯᠢᠭ ᠲᠠᠢ ᠠᠷᠠᠳ ᠤᠨ ᠳᠠᠭᠤᠤ ᠶᠢᠨ ᠷᠢᠳᠢ ᠰᠢᠳᠢ ᠶᠢ ᠳᠡᠯᠭᠡᠨ ᠦᠵᠡᠭᠦᠯᠰᠦᠭᠡᠢ
ᠨᠡᠶᠢᠲᠡᠯᠡᠭᠰᠡᠨ ᠴᠠᠭ᠄
2024/8/6
         — 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠶᠡᠷᠦᠩᠬᠡᠢ ᠤᠳᠤᠷᠢᠳᠤᠭᠠᠴᠢ ᠯᠢ ᠶᠠᠨ ᠢ ᠰᠣᠷᠪᠣᠯᠵᠢᠯᠠᠭᠰᠠᠨ ᠨᠢ      8 ᠰᠠᠷ᠎ᠠ ᠶᠢᠨ 5 ᠤ ᠡᠳᠦᠷ᠂ 2024 ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠶᠡᠷᠦᠩᠬᠡᠢ ᠤᠳᠤᠷᠢᠳᠤᠭᠠᠴᠢ ᠯᠢ ᠶᠠᠨ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠪᠣᠯ ᠨᠢᠭᠡ ᠤᠳᠠᠭᠠᠨ ᠤ ᠠᠷᠠᠳ ᠤᠨ ᠳᠠᠭᠤᠤ ᠶᠢᠨ ᠦᠪᠡᠳᠡᠭᠰᠢ ᠴᠤᠭᠯᠠᠭᠠᠨ ᠮᠥᠨ᠂ ᠨᠠᠩ ᠴᠤ ᠨᠢᠭᠡ ᠤᠳᠠᠭᠠᠨ ᠤ ᠰᠣᠶᠣᠯ ᠤᠨ ︿ᠠᠭᠤᠰᠤᠯᠴᠠᠯ﹀ ᠮᠥᠨ᠃ ᠲᠤᠬᠠᠶ ᠶᠢᠨ ᠦᠶ᠎ᠡ ᠳᠤ᠂ ᠨᠠᠷᠠᠲᠤ ᠳᠠᠭᠤᠴᠢᠨ᠂ ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ ᠤ ᠳᠠᠭᠤᠴᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠲᠤ ᠳᠠᠭᠤᠴᠢᠨ ᠪᠠ ᠬᠥᠭᠵᠢᠮ ᠤᠨ ᠠᠩᠭᠢ ᠶᠢᠨ ᠬᠠᠮᠲᠤᠯᠢᠭ ᠵᠢᠴᠢ ᠪᠥᠬᠦ ᠤᠯᠤᠰ ᠤᠨ ᠡᠯ᠎ᠡ ᠭᠠᠵᠠᠷ ᠤᠨ ᠪᠠᠭᠠᠴᠤᠳ ᠬᠡᠤᠬᠡᠳ ᠤᠨ ᠲᠣᠭᠯᠠᠯᠲᠠ ᠶᠢᠨ ᠪᠦᠯᠬᠦᠮ ᠵᠡᠷᠭᠡ ᠨᠢ ᠦᠬᠠᠶ ᠶᠢᠨ ᠡᠨᠡᠬᠦ ᠰᠢᠮᠡᠯᠢᠭ ᠬᠥᠷᠥᠰᠥ ᠰᠢᠷᠣᠶ ᠳᠡᠭᠡᠷ᠎ᠡ ᠴᠤᠭᠯᠠᠷᠠᠵᠤ᠂ ᠬᠠᠲᠤᠨ ᠭᠤᠤᠯ ᠤᠨ ᠬᠤᠶᠠᠷ ᠡᠷᠭᠢ ᠶᠢ ᠴᠤᠤᠷᠢᠶᠠᠲᠤᠭᠤᠯᠵᠤ᠂ ᠢᠷᠠᠭᠤ ᠰᠠᠶᠢᠬᠠᠨ ᠬᠥᠭ ᠠᠶᠠᠰ ᠢᠶᠠᠷ ᠰᠠᠶᠢᠨ ᠰᠠᠶᠢᠬᠠᠨ ᠠᠮᠢᠳᠤᠷᠠᠯ ᠢᠶᠠᠨ ᠳᠡᠯᠭᠡᠨ ᠦᠵᠡᠭᠦᠯᠦᠨ᠎ᠡ ᠬᠡᠵᠡᠢ᠃      ᠯᠢ ᠶᠠᠨ ᠢᠯᠡᠷᠭᠡᠶᠢᠯᠡᠭᠰᠡᠨ ᠨᠢ᠂ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠠᠭᠤᠯᠭ᠎ᠠ ᠪᠠᠷ ᠪᠠᠶᠠᠯᠢᠭ᠂ ᠣᠨᠴᠠᠯᠢᠭ ᠢᠶᠠᠷ ᠢᠯᠡ ᠲᠣᠳᠣ᠂ ᠴᠤᠭ ᠪᠠᠳᠠᠷᠠᠩᠭᠤᠢ ᠪᠠᠶᠢᠵᠦ᠂ ᠴᠠᠭ ᠦᠶ᠎ᠡ ᠶᠢᠨ ᠠᠶᠢᠵᠠᠮ ᠢ ᠰᠠᠯᠤᠯ ᠥᠬᠡᠶ ᠳᠠᠭᠠᠬᠤ ᠮᠥᠷᠲᠡᠭᠡᠨ ᠪᠠᠰᠠ ᠭᠠᠵᠠᠷ ᠣᠷᠣᠨ ᠤ ᠰᠣᠶᠣᠯ ᠤᠨ ᠣᠨᠴᠠᠯᠢᠭ ᠲᠠᠢ ᠪᠠᠶᠢᠵᠤ᠂ ᠦᠵᠡᠭᠴᠢᠳ ᠲᠤ ᠭᠤᠶᠢᠳᠠ ᠰᠠᠶᠢᠬᠠᠨ ᠬᠥᠭ ᠠᠶᠠᠰ ᠤᠨ ᠳᠤᠮᠳᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠭᠤᠯᠬᠤ ᠪᠤᠯᠤᠨ᠎ᠠ᠃ ᠲᠣᠰ ᠤᠳᠠᠭᠠᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠨᠢ ᠲᠣᠰ ᠲᠣᠰ ︽2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠪᠡᠯᠡᠳᠬᠡᠯ ᠦᠵᠡᠭᠦᠯᠤᠯᠭᠡ ᠶᠢᠨ ᠲᠣᠭᠯᠠᠯᠲᠠ— ᠠᠨᠳᠠ ᠬᠠᠮᠲᠤᠯᠢᠭ ᠤᠨ ᠲᠤᠰᠬᠠᠶ ᠲᠠᠯᠠᠪᠠᠢ ᠶᠢᠨ ᠳᠠᠭᠤᠤ ᠬᠥᠭᠵᠢᠮ ᠤᠨ ᠦᠳᠡᠰᠢᠯᠡᠭᠡ︾ ︽ᠶᠢᠰᠦᠨ ᠨᠤᠭᠤᠯᠤᠭ᠎ᠠ ᠲᠠᠢ ᠬᠠᠲᠤᠨ ᠭᠤᠤᠯ  ᠵᠤᠭᠰᠣᠰᠢ ᠦᠭᠡᠢ ᠣᠰᠣᠨ ᠣᠷᠣᠰᠬᠠᠯ— 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ ᠤ ᠬᠠᠲᠤᠨ ᠭᠤᠤᠯ ᠤᠨ ᠰᠣᠶᠣᠯ ᠤᠨ ᠠᠷᠠᠳ ᠤᠨ ᠳᠠᠭᠤᠤ ᠶᠢᠨ ᠦᠵᠡᠭᠦᠯᠦᠯᠭᠡ︾ ︽ᠬᠡᠤᠬᠡᠳ ᠤᠨ ᠲᠠᠭᠤᠤ  ᠶᠢ ᠬᠠᠩᠬᠢᠨᠠᠭᠤᠯᠵᠤ  ᠠᠯᠣᠰ ᠢᠷᠡᠭᠡᠳᠦᠶ ᠪᠠᠨ ᠬᠠᠮᠲᠤᠪᠠᠷ ᠪᠠᠷᠠᠯᠠᠶ᠎ᠠ— ᠪᠠᠭᠠᠴᠤᠳ ᠬᠡᠤᠬᠡᠳ ᠤᠨ ᠦᠬᠠᠶ ᠶᠢᠨ ᠳᠠᠭᠤᠤ ᠬᠥᠭᠵᠢᠮ ᠤᠨ ᠦᠳᠡᠰᠢᠯᠡᠭᠡ︾ ︽ᠪᠤᠯᠵᠤ ᠲᠤᠭᠳᠠᠭᠰᠠᠨ ᠤᠴᠠᠷᠠᠯ  ᠬᠠᠶᠢᠷ᠎ᠠ ᠪᠢᠯᠬᠠᠭᠰᠠᠨ ᠦᠬᠠᠢ— ᠲᠤᠯᠤᠭᠠᠨ ᠰᠠᠷ᠎ᠠ ᠶᠢᠨ ᠳᠣᠯᠣᠭᠠᠨ ᠤ ᠦᠳᠡᠰᠢ ᠶᠢᠨ ᠪᠠᠶᠠᠷ ᠤᠨ ᠭᠤᠤᠯ ᠰᠡᠳᠦᠪᠲᠦ ᠳᠠᠭᠤᠤ ᠬᠥᠭᠵᠢᠮ ᠤᠨ ᠦᠳᠡᠰᠢᠯᠡᠭᠡ︾ ︽ᠲᠦᠮᠡᠨ ᠭᠠᠵᠠᠷ ᠤᠨ ᠬᠠᠲᠤᠨ ᠭᠤᠤᠯ ᠤᠨ ᠦᠩᠭᠡ ᠢᠯᠭᠠᠷᠠᠨ ᠮᠢᠷᠠᠯᠵᠠᠵᠤ  ᠪᠠᠶᠠᠯᠢᠭ ᠰᠠᠶᠢᠬᠠᠨ ᠪᠤᠯᠵᠤᠯᠳᠠ ᠠᠷᠠᠳ ᠤᠨ ᠲᠠᠭᠤᠤ ᠪᠠᠷ ᠵᠠᠭᠤᠴᠢᠯᠠᠨᠠᠮ— 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠡᠭᠦᠰᠭᠡᠯ ᠤᠨ ᠶᠤᠰᠣᠯᠠᠯ ᠵᠢᠴᠢ ᠣᠨᠴᠠᠯᠢᠭᠲᠤ ᠠᠷᠠᠳ ᠤᠨ ᠲᠠᠭᠤᠤ ᠶᠢᠨ ᠦᠵᠡᠭᠦᠯᠦᠯᠭᠡ︾ ᠪᠠᠷ ᠭᠤᠤᠯ ᠰᠡᠳᠦᠪ ᠪᠣᠯᠭᠠᠵᠤ᠂ 5 ᠲᠠᠯᠠᠪᠤᠷ ᠲᠣᠭᠯᠠᠯᠲᠠ ᠭᠠᠷᠭᠠᠵᠤ᠂ ᠤᠳᠠᠭ᠎ᠠ ᠪᠦᠷᠢ ᠲᠣᠰ ᠲᠣᠰ ᠤᠨ ᠣᠨᠴᠠᠯᠢᠭ ᠲᠠᠢ ᠪᠥᠭᠡᠳ ︽ᠤᠮᠠᠷᠠᠲᠤ ᠬᠢᠯᠢ ᠪᠠᠨ ᠮᠠᠭᠳᠠᠨ ᠳᠠᠭᠤᠯᠠᠶ᠎ᠠ︾ ᠬᠡᠬᠦ 2024 ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠭᠤᠤᠯ ᠰᠡᠳᠦᠪᠲᠦ ᠱᠠᠭᠠᠷᠳᠠᠯᠭ᠎ᠠ ᠶᠢ ᠴᠢᠩᠭ᠎ᠠ ᠡᠵᠡᠮᠳᠡᠪᠡ ᠭᠡᠵᠡᠢ᠃      ᠯᠢ ᠶᠠᠨ ᠲᠠᠨᠢᠯᠴᠠᠭᠤᠯᠤᠭᠰᠠᠨ ᠨᠢ᠂ ᠠᠷᠠᠳ ᠤᠨ ᠲᠠᠭᠤᠤ ᠶᠢ ᠤᠯᠠᠮᠵᠢᠯᠠᠬᠤ ᠳᠤ ᠬᠡᠤᠬᠡᠳ ᠠᠴᠠ ᠡᠬᠢᠯᠡᠨ ᠠᠳᠬᠤᠵᠤ᠂ ᠲᠣᠰ ᠤᠳᠠᠭ᠎ᠠ ᠲᠤᠰᠬᠠᠶᠢᠯᠠᠨ ᠪᠠᠭᠠᠴᠤᠳ ᠬᠡᠤᠬᠡᠳ ᠲᠤ ︽ᠬᠡᠤᠬᠡᠳ ᠤᠨ ᠲᠠᠭᠤᠤ ᠶᠢ ᠬᠠᠩᠬᠢᠨᠠᠭᠤᠯᠵᠤ  ᠠᠯᠣᠰ ᠢᠷᠡᠭᠡᠳᠦᠶ ᠪᠠᠨ ᠬᠠᠮᠲᠤᠪᠠᠷ ᠪᠠᠷᠠᠯᠠᠶ᠎ᠠ— ᠪᠠᠭᠠᠴᠤᠳ ᠬᠡᠤᠬᠡᠳ ᠤᠨ ᠦᠬᠠᠶ ᠶᠢᠨ ᠳᠠᠭᠤᠤ ᠬᠥᠭᠵᠢᠮ ᠤᠨ ᠦᠳᠡᠰᠢᠯᠡᠭᠡ︾ ᠶᠢ ᠪᠡᠯᠡᠳᠬᠡᠵᠦ᠂ ᠨᠠᠩ ᠣᠯᠠᠨ ᠵᠠᠯᠠᠭᠤᠴᠤᠳ ᠪᠠᠭᠠᠴᠤᠳ ᠢ ᠠᠷᠠᠳ ᠤᠨ ᠳᠠᠭᠤᠤ ᠳᠤ ᠬᠠᠶᠢᠷᠠᠲᠠᠶ ᠪᠤᠯᠭᠠᠬᠤ ᠮᠦᠷᠳᠡᠭᠡᠨ ᠠᠷᠠᠳ ᠤᠨ ᠳᠠᠭᠤᠤ ᠶᠢ ᠤᠯᠠᠮᠵᠢᠯᠠᠨ ᠳᠠᠭᠤᠯᠠᠭᠤᠯᠵᠤ᠂ ᠠᠷᠠᠳ ᠤᠨ ᠳᠠᠭᠤᠤ ᠲᠠᠢ ᠬᠠᠮᠲᠤᠪᠡᠷ ᠡᠷᠡᠭᠦᠯ ᠴᠢᠭᠢᠷᠠᠭ ᠪᠠᠶᠠᠷ ᠬᠥᠷ ᠲᠠᠢ ᠪᠠᠷ ᠦᠰᠦᠨ ᠪᠤᠶᠢᠵᠢᠭᠤᠯᠤᠨ᠎ᠠ ᠭᠡᠵᠡᠶ᠃      ᠯᠢ ᠶᠠᠨ ᠲᠠᠨᠢᠯᠴᠠᠭᠤᠯᠤᠭᠰᠠᠨ ᠨᠢ᠂ 8 ᠰᠠᠷ᠎ᠠ ᠶᠢᠨ 10 ᠤ ᠡᠳᠦᠷ ᠤᠨ ᠲᠤᠰᠬᠠᠶ ᠰᠡᠳᠦᠪᠲᠦ ᠳᠠᠭᠤᠤ ᠬᠥᠭᠵᠢᠮ ᠤᠨ ᠲᠣᠭᠯᠠᠯᠲᠠ ᠶᠢ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ— ︽ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ︾ ᠲᠠᠢ ᠤᠶᠠᠯᠳᠤᠭᠤᠯᠵᠤ᠂ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠰᠠᠭᠤᠷᠢᠨ ᠳᠡᠭᠡᠷ᠎ᠡ ᠪᠠᠰᠠ ︽ᠣᠪᠣᠭᠠᠨ ᠲᠡᠷᠭᠡᠳᠡᠬᠢ ᠠᠭᠤᠯᠵᠠᠯᠲᠠ︾ ︽ᠠᠬ᠎ᠠ ᠮᠢᠨᠢ ᠢᠷᠡᠬᠦ ᠦᠭᠡᠢ ᠪᠣᠯ ᠬᠤᠸᠠᠷ ᠴᠡᠴᠡᠭ ᠳᠡᠯᠭᠡᠷᠡᠬᠦ ᠦᠭᠡᠢ︾ ᠵᠡᠷᠭᠡ ᠢᠨᠠᠭ ᠤᠨ ᠳᠠᠭᠤᠤ ᠶᠢ ᠰᠣᠩᠭᠤᠵᠤ᠂ ᠦᠵᠡᠭᠴᠢᠳ ᠲᠤ ᠠᠷᠠᠳ ᠤᠨ ᠳᠠᠭᠤᠤ ᠰᠣᠨᠣᠰᠬᠤ᠂ ᠢᠨᠠᠭ ᠤᠨ ᠳᠠᠭᠤᠤ ᠶᠢ ᠲᠠᠭᠤᠯᠠᠬᠤ ᠳᠤᠮᠳᠠ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ ᠤ ᠣᠨᠴᠠᠯᠢᠭ ᠲᠠᠢ ᠠᠷᠠᠳ ᠤᠨ ᠳᠠᠭᠤᠤ ᠶᠢᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠬᠦ ᠪᠣᠯᠤᠨ᠎ᠠ ᠭᠡᠵᠡᠢ᠃      ᠯᠢ ᠶᠠᠨ ᠬᠡᠯᠡᠭᠰᠡᠨ ᠨᠢ᠂ ︽ᠬᠠᠳᠤᠨ ᠭᠤᠣᠯ ᠤᠨ ᠬᠦᠪᠡᠭᠡ᠂ ᠦᠬᠠᠢ ᠨᠠᠭᠤᠷ ᠤᠨ ᠵᠠᠬ᠎ᠠ ᠳᠤ ᠤᠮᠠᠷᠠᠲᠤ ᠬᠢᠯᠢ ᠶᠢᠨ ᠠᠷᠠᠳ ᠤᠨ ᠳᠠᠭᠤᠤ ᠶᠢ ᠬᠠᠩᠭᠢᠨᠠᠭᠤᠯᠬᠤ ᠨᠢ ᠦᠬᠠᠢ ᠳᠤ ᠠᠪᠴᠤ ᠬᠡᠯᠡᠪᠡᠯ ᠬᠤᠳᠠ ᠶᠢᠨ ᠲᠦᠷᠢ ᠲᠥᠷᠬᠦ ᠶᠢ ᠢᠯᠡᠷᠡᠭᠦᠯᠬᠦ ᠴᠢᠬᠤᠯᠠ ᠴᠣᠩᠬᠤ ᠪᠣᠯᠤᠨ᠎ᠠ᠂ ᠳᠠᠭᠤᠤ ᠬᠥᠭᠵᠢᠮ ᠤᠨ ᠬᠡᠯᠪᠡᠷᠢ ᠪᠠᠷ ᠨᠡᠩ ᠤᠯᠠᠨ ᠬᠥᠮᠦᠰ ᠲᠤ ᠦᠬᠠᠢ ᠶᠢᠨ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ᠂ ᠦᠬᠠᠢ ᠶᠢᠨ ᠬᠥᠮᠦᠰ ᠤᠨ ᠬᠠᠯᠠᠭᠤᠨ ᠰᠡᠳᠬᠢᠯᠭᠡ ᠶᠢ ᠮᠡᠳᠡᠷᠡᠭᠦᠯᠵᠦ᠂ ᠦᠬᠠᠢ ᠭᠡᠬᠦ ᠡᠨᠡᠬᠦ ᠬᠤᠳᠠ ᠶᠢᠨ ᠥᠪᠡᠷᠮᠢᠴᠡ ᠷᠢᠳᠢ ᠰᠢᠳᠢ ᠪᠣᠯᠤᠨ ᠣᠨᠴᠠᠭᠠᠢ ᠴᠤᠭ ᠵᠢᠪᠬᠤᠭ᠎ᠠ ᠶᠢ ᠢᠯᠡᠷᠡᠭᠦᠯᠬᠦ ᠪᠣᠯᠤᠨ᠎ᠠ᠃ ᠣᠳᠣᠬᠠᠨ ᠳᠤ᠂ ᠲᠠᠯᠠᠪᠤᠷ ᠭᠠᠵᠠᠷ ᠲᠡᠭᠰᠢᠯᠡᠬᠦ᠂ ᠲᠠᠶᠢᠰᠠ ᠪᠠᠶᠢᠭᠤᠯᠬᠤ᠂ ᠲᠣᠭᠯᠠᠭᠴᠢᠳ ᠤᠨ ᠪᠣᠯᠪᠠᠰᠤᠷᠠᠯ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠴᠥᠮ ᠵᠡᠷᠭᠡ ᠪᠠᠷ ᠠᠬᠢᠭᠤᠯᠵᠤ ᠪᠠᠶᠢᠨ᠎ᠠ᠃ ᠪᠢᠳᠡ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ 2024 ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠲᠡᠭᠦᠰ ᠠᠮᠵᠢᠯᠲᠠ ᠲᠠᠢ ᠦᠨᠳᠦᠷᠯᠡᠬᠦ ᠶᠢ ᠦᠨᠡᠨ ᠬᠦ ᠪᠠᠲᠤᠯᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号