ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠢ ᠠᠮᠤᠷ ᠲᠦᠪᠰᠢᠨ ᠡᠮᠬᠢ ᠵᠢᠷᠤᠮ ᠲᠠᠢ ᠡᠷᠭᠢᠯᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/7
     8 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠤᠯᠪᠣᠭᠠᠲᠤ ᠬᠤᠷᠠᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠭᠵᠢᠬᠦᠯᠦᠯᠳᠡ ᠶᠢᠨ ᠲᠥᠪ ᠵᠡᠷᠭᠡ ᠣᠯᠠᠨ ᠰᠠᠯᠠᠭ᠎ᠠ ᠮᠥᠴᠢᠷ ᠠᠶᠤᠯᠭᠦᠶ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠣᠭᠯᠠᠯᠲᠠ ᠶᠢᠨ ᠠᠵᠢᠯᠯᠠᠭ᠎ᠠ ᠶᠢᠨ ᠲᠠᠯᠠᠪᠠᠢ ᠳᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠤᠨ ᠬᠢᠨ ᠲᠣᠭᠯᠠᠯᠲᠠ ᠶᠢᠨ ᠲᠠᠯᠠᠪᠠᠢ ᠶᠢᠨ ᠡᠯ᠎ᠡ ᠴᠢᠭ ᠲᠤ ᠭᠦᠨᠵᠡᠭᠡᠶᠢᠷᠡᠵᠦ᠂ ᠲᠠᠯᠠᠪᠠᠢ ᠶᠢᠨ ᠪᠠᠶᠢᠷᠢᠯᠠᠭᠤᠯᠤᠯᠲᠠ᠂ ᠲᠠᠶᠢᠰᠠᠨ ᠪᠠᠶᠢᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠡᠯ᠎ᠡ ᠵᠦᠢᠯ ᠤᠨ ᠠᠵᠢᠯ ᠢ ᠨᠢ ᠨᠠᠷᠢᠨ ᠣᠶᠢᠯᠠᠭᠠᠵᠤ᠂ ᠴᠠᠬᠢᠯᠭᠠᠨ ᠬᠠᠩᠭᠠᠬᠤ ᠠᠮᠤᠷ ᠲᠦᠪᠰᠢᠨ᠂ ᠲᠤᠬᠠᠢ ᠶᠢᠨ ᠲᠠᠯᠠᠪᠠᠢ ᠶᠢᠨ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠵᠢᠯ ᠤᠨ ᠲᠤᠬᠠᠢ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠡ᠃ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠬᠤᠯᠪᠤᠭᠳᠠᠯ ᠪᠦᠬᠦᠢ ᠨᠢᠭᠡᠴᠡ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠨᠡᠪᠲᠡᠷᠡᠯᠴᠡᠨ ᠬᠠᠷᠢᠯᠴᠠᠬᠤ ᠪᠠᠨ ᠴᠢᠩᠭᠠᠳᠬᠠᠵᠤ᠂ ᠬᠠᠮᠵᠢᠯᠴᠠᠬᠤ ᠨᠡᠶᠢᠯᠡᠮᠡᠯ ᠬᠦᠴᠦᠨ ᠢᠶᠠᠨ ᠭᠦᠢᠴᠡᠳ ᠪᠠᠳᠠᠷᠠᠭᠤᠯᠤᠨ᠂ ᠴᠠᠬᠢᠯᠭᠠᠨ ᠬᠠᠩᠭᠠᠬᠤ ᠠᠮᠤᠷ ᠲᠦᠪᠰᠢᠨ ᠤ ᠠᠵᠢᠯ ᠢ ᠴᠢᠬᠤᠯᠠᠴᠢᠯᠠᠵᠤ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠡᠷᠭᠢᠨ ᠲᠣᠭᠤᠷᠢᠨ ᠪᠠ ᠱᠠᠲᠤ ᠬᠤᠪᠢᠶᠠᠨ ᠴᠠᠬᠢᠯᠭᠠᠨ ᠲᠦᠭᠡᠭᠡᠬᠦ ᠬᠠᠶᠢᠷᠴᠠᠭ ᠲᠣᠬᠢᠷᠠᠭᠤᠯᠬᠤ ᠶᠢᠨ ᠬᠠᠮᠲᠤ ᠲᠤᠰᠬᠠᠶ ᠬᠥᠮᠦᠨ ᠲᠣᠮᠢᠯᠠᠨ ᠬᠠᠷᠠᠭᠤᠯᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠪᠠᠨ ᠰᠠᠶᠢᠲᠤᠷ ᠬᠢᠵᠦ᠂ ᠲᠥᠬᠦᠭᠡᠷᠦᠮᠵᠢ ᠶᠢᠨ ᠠᠵᠢᠯᠯᠠᠭᠠᠨ ᠤ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠠᠵᠢᠯᠯᠠᠭ᠎ᠠ ᠶᠢᠨ ᠬᠤᠭᠤᠴᠠᠭᠠᠨ ᠳᠠᠬᠢ ᠴᠠᠬᠢᠯᠭᠠᠨ ᠬᠠᠩᠭᠠᠯᠭ᠎ᠠ ᠶᠢᠨ ᠠᠮᠤᠷ ᠲᠦᠪᠰᠢᠨ᠂ ᠨᠠᠶᠢᠳᠠᠪᠤᠷᠢᠲᠠᠶ ᠪᠠᠶᠢᠬᠤ ᠶᠢ ᠪᠠᠲᠤᠯᠠᠬᠤ ᠬᠡᠷᠡᠭᠲᠡᠶ︔ ᠭᠠᠯ ᠤᠨᠲᠠᠷᠠᠭᠠᠬᠤ ᠶᠢ ᠵᠢᠭᠰᠠᠭᠠᠨ ᠪᠠᠶᠢᠴᠠᠭᠠᠬᠤ ᠠᠵᠢᠯ ᠢᠶᠠᠨ ᠰᠠᠶᠢᠲᠤᠷ ᠬᠢᠵᠦ᠂ ᠤᠷᠢᠳᠴᠢᠯᠠᠨ ᠣᠷᠣᠯᠴᠠᠵᠤ᠂ ᠠᠵᠢᠯᠯᠠᠭᠠᠨ ᠤ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠢ ᠠᠷᠢᠯᠭᠠᠬᠤ ᠬᠡᠷᠡᠭᠲᠡᠶ︔ ᠰᠦᠯᠵᠢᠶᠡᠨ ᠤ ᠪᠠᠲᠤᠯᠠᠭ᠎ᠠ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢᠶᠠᠨ ᠰᠠᠶᠢᠲᠤᠷ ᠠᠳᠬᠤᠵᠤ᠂ ᠲᠤᠰ ᠬᠤᠭᠤᠴᠠᠭᠠᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠡᠮᠬᠢ ᠵᠢᠷᠤᠮ ᠲᠠᠢ᠂ ᠠᠮᠤᠷ ᠲᠦᠪᠰᠢᠨ᠂ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号