ᠮᠠᠨ ᠤ ᠬᠤᠲᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/7
     ᠤᠶᠢᠷ᠎ᠠ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠪᠠᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠨ ᠣᠷᠣᠨ ᠰᠠᠭᠤᠴᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠪᠡ᠃      ᠣᠶᠢᠯᠠᠭᠠᠭᠰᠠᠨ ᠢᠶᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠡᠨᠡ ᠵᠢᠯ ᠤᠨ 6 ᠰᠠᠷ᠎ᠠ ᠶᠢᠨ 17 ᠤ ᠡᠳᠦᠷ ᠠᠴᠠ ᠵᠢᠯ ᠤᠨ ᠡᠴᠦᠰ ᠪᠣᠯᠲᠠᠯ᠎ᠠ ᠦᠷᠭᠦᠯᠵᠢᠯᠡᠵᠦ᠂ ᠬᠤᠲᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠭᠰᠡᠨ᠂ ᠪᠠᠷᠢᠯᠭ᠎ᠠ ᠶᠢᠨ ᠵᠠᠬ᠎ᠠ ᠳᠡᠯᠭᠡᠭᠦᠷ ᠪᠠ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ᠂ ᠠᠶᠤᠯᠲᠠᠶ ᠬᠠᠶᠠᠭᠳᠠᠮᠠᠯ ᠪᠣᠳᠠᠰ ᠢ ᠬᠠᠮᠢᠶᠠᠷᠬᠤ᠂ ᠣᠷᠴᠢᠨ ᠲᠣᠭᠤᠷᠢᠨ ᠢ ᠬᠢᠨᠠᠨ ᠬᠡᠮᠵᠢᠭᠰᠡᠨ ᠲᠤᠭ᠎ᠠ ᠪᠠᠷᠢᠮᠲᠠ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠵᠡᠷᠭᠡ 5 ᠲᠠᠯ᠎ᠠ ᠶᠢᠨ 24 ᠵᠦᠢᠯ ᠤᠨ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ︽ᠨᠢᠭᠡ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠢᠭᠡ ᠲᠠᠯ᠎ᠠ ᠪᠠᠷ ᠴᠡᠭᠴᠡᠯᠡᠨ ᠵᠠᠰᠠᠬᠤ︾ ᠠᠷᠭ᠎ᠠ ᠮᠠᠶ᠋ᠢᠭ ᠢ ᠠᠪᠴᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠤᠳᠠᠭ᠎ᠠ ᠪᠦᠷᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠳᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠵᠡᠷᠭᠡ ᠠᠰᠠᠭᠤᠳᠠᠯ ᠤᠨ ᠰᠦᠪᠡᠭᠴᠢ ᠶᠢ ᠭᠤᠤᠯᠳᠠᠯᠭ᠎ᠠ ᠲᠠᠢ ᠵᠠᠯᠠᠷᠠᠭᠤᠯᠤᠨ ᠵᠠᠰᠠᠵᠤ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠠᠰᠢᠭ ᠲᠤᠰᠠ ᠶᠢᠨ ᠬᠡᠯᠬᠢᠶ᠎ᠡ ᠶᠢ ᠲᠠᠰᠤᠯᠵᠤ᠂ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠡᠶᠢᠮᠦᠷᠬᠦ ᠠᠰᠠᠭᠤᠳᠠᠯ ᠳᠠᠬᠢᠨ ᠳᠠᠪᠲᠠᠨ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠪᠡ᠃ ᠣᠳᠣᠬᠠᠨ ᠳᠤ᠂ ᠮᠠᠨ ᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠤᠯᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠳᠤ ᠨᠡᠶᠢᠲᠡ 1215 ᠤᠳᠠᠭ᠎ᠠ ᠵᠢᠭᠰᠠᠭᠠᠨ ᠪᠠᠶᠢᠴᠠᠭᠠᠯᠲᠠ ᠬᠢᠵᠦ᠂ 80 ᠠᠰᠠᠭᠤᠳᠠᠯ ᠢ ᠢᠯᠡᠷᠡᠭᠦᠯᠵᠦ᠂ 61 ᠶᠢ ᠨᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ 19 ᠶᠢ ᠨᠢ ᠶᠠᠭ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠢᠯᠭᠠᠷᠠᠭᠤᠯᠤᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ  ᠢᠶᠠᠨ ᠦᠷᠭᠦᠯᠵᠢᠯᠡᠨ ᠨᠠᠷᠢᠨ ᠬᠢᠨᠠᠮᠠᠭᠠᠶ ᠥᠷᠨᠢᠭᠦᠯᠵᠦ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠬᠤ ᠪᠠ ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠦᠷᠭᠦᠯᠵᠢᠯᠡᠨ ᠠᠪᠴᠤ᠂ 5 ᠲᠠᠯ᠎ᠠ ᠶᠢᠨ ᠲᠣᠪᠤᠶᠢᠮ᠎ᠠ ᠠᠰᠠᠭᠤᠳᠠᠯ ᠲᠠᠢ ᠬᠠᠷᠢᠴᠠᠭᠤᠯᠤᠨ᠂ ᠠᠰᠠᠭᠤᠳᠠᠯ ᠤᠨ ᠨᠠᠷᠢᠨ ᠲᠠᠩᠰᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠠᠬᠢᠭᠤᠯᠤᠨ᠎ᠠ᠃ ᠡᠭᠦᠨ ᠤ ᠬᠠᠮᠲᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ  ᠶᠡᠷᠦᠩᠬᠡᠶᠢᠯᠡᠨ ᠵᠠᠳᠠᠯᠬᠤ ᠪᠠᠨ ᠴᠢᠩᠭᠠᠳᠬᠠᠵᠤ᠂ ᠶᠠᠯ᠎ᠠ ᠬᠢᠭᠰᠡᠨ ᠰᠦᠪᠡᠭᠴᠢ ᠶᠢ ᠣᠯᠵᠤ ᠮᠡᠳᠡᠪᠡᠯ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠰᠦᠷᠳᠡᠭᠦᠯᠬᠦ ᠬᠦᠴᠦᠨ ᠢᠶᠠᠨ ᠨᠡᠮᠡᠭᠳᠡᠬᠦᠯᠵᠦ᠂ ᠲᠤᠰᠬᠠᠶ ᠠᠵᠢᠯᠯᠠᠭ᠎ᠠ ᠶᠢᠨ ᠯᠠᠪᠳᠠᠭᠤᠨ ᠪᠠᠲᠤᠲᠠᠶ ᠪᠦᠲᠦᠮᠵᠢᠲᠡᠶ ᠨᠠᠶᠢᠳᠠᠪᠤᠷᠢᠵᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号