ᠪᠥᠬᠦ ᠣᠷᠣᠨ ᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ ︽ᠬᠠᠷᠢᠯᠴᠠᠨ ᠰᠤᠷᠤᠯᠴᠠᠵᠤ ᠭᠠᠷ ᠬᠤᠯᠪᠣᠨ ᠬᠠᠮᠲᠤ ᠪᠠᠷ ᠤᠷᠤᠭᠰᠢᠯᠠᠶ᠎ᠠ︾ ᠭᠡᠬᠦ ᠪᠠᠶᠢᠴᠠᠭᠠᠨ ᠰᠤᠳᠤᠯᠤᠯᠲᠠ ᠬᠢᠵᠦ ᠰᠣᠯᠢᠯᠴᠠᠬᠤ ᠠᠵᠢᠯᠯᠠᠭ᠎ᠠ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/9
     8 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠶ ᠰᠢᠶᠣᠤ ᠴᠢᠩ ᠨᠡᠷ ᠮᠠᠨ ᠤ ᠬᠤᠲᠠ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠤᠳᠬ᠎ᠠ ᠤᠷᠠᠯᠢᠭ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠠᠬᠢᠭᠤᠯᠬᠤ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ ︽ᠬᠠᠷᠢᠯᠴᠠᠨ ᠰᠤᠷᠤᠯᠴᠠᠵᠤ ᠭᠠᠷ ᠬᠤᠯᠪᠣᠨ ᠬᠠᠮᠲᠤ ᠪᠠᠷ ᠤᠷᠤᠭᠰᠢᠯᠠᠶ᠎ᠠ︾ ᠭᠡᠬᠦ ᠪᠠᠶᠢᠴᠠᠭᠠᠨ ᠰᠤᠳᠤᠯᠤᠯᠲᠠ ᠬᠢᠵᠦ ᠰᠣᠯᠢᠯᠴᠠᠬᠤ ᠠᠵᠢᠯᠯᠠᠭ᠎ᠠ ᠥᠷᠨᠢᠭᠦᠯᠪᠡ᠃      ᠵᠢᠶ ᠰᠢᠶᠣᠤ ᠴᠢᠩ ᠨᠡᠷ ᠤᠷᠢᠳ ᠬᠤᠵᠢᠳ ᠥᠪᠥᠷ ᠮᠣᠩᠭᠤᠯ ᠤᠨ ᠵᠢᠵᠢᠭ ᠭᠤᠷᠪᠠᠳᠤᠭᠠᠷ ᠱᠤᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ᠂ ᠬᠠᠶᠢᠨᠠᠨ ᠲᠣᠭᠤᠷᠢᠭ ᠤᠨ ᠪᠠᠷᠠᠭᠤᠨᠰᠢ ᠵᠣᠷᠴᠢᠬᠤ ᠵᠣᠴᠢᠳ ᠤᠨ ᠦᠷᠳᠡᠭᠡ᠂ ︽ᠰᠢᠪᠡᠷ ᠣᠷᠠᠯᠢᠭ︾ ᠤᠳᠠ ᠶᠢᠨ ᠬᠠᠲᠤᠨ ᠭᠤᠤᠯ ᠤᠨ ᠰᠣᠶᠣᠯ ᠤᠯᠠᠮᠵᠢᠯᠠᠬᠤ ᠠᠵᠢᠯ ᠤᠨ ᠲᠠᠰᠤᠭ᠂ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠵᠡᠷᠭᠡ ᠭᠠᠵᠠᠷ ᠲᠤ ᠬᠦᠷᠴᠦ᠂ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠵᠣᠬᠢᠶᠠᠨ ᠪᠦᠲᠦᠭᠡᠬᠦ ᠨᠢᠭᠡᠳᠦᠭᠡᠷ ᠹᠷᠣᠨᠲ ᠤᠨ ᠤᠳᠬ᠎ᠠ ᠤᠷᠠᠯᠢᠭ ᠤᠨ ᠠᠵᠢᠯᠲᠠᠨ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠮᠠᠨ ᠤ ᠬᠤᠲᠠ ᠶᠢᠨ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ ᠠᠵᠢᠯ ᠢ ᠪᠦᠬᠦ ᠲᠠᠯ᠎ᠠ᠂ ᠣᠯᠠᠨ ᠬᠠᠷᠠᠭᠠᠰᠤ᠂ ᠭᠦᠨ ᠳᠠᠪᠬᠤᠷᠭ᠎ᠠ ᠠᠴᠠ ᠣᠶᠢᠯᠠᠭᠠᠪᠠ᠃      ᠵᠢᠶ ᠰᠢᠶᠣᠤ ᠴᠢᠩ ᠵᠢᠭᠠᠵᠤ ᠭᠠᠷᠭᠠᠭᠰᠠᠨ ᠨᠢ᠂ ᠡᠯ᠎ᠡ ᠠᠶᠢᠮᠠᠭ ᠬᠤᠲᠠ ᠶᠢᠨ ᠤᠳᠬ᠎ᠠ ᠤᠷᠠᠯᠢᠭ ‍ᠤᠨ‌ᠬᠤᠯᠪᠤᠭᠠᠲᠤ ᠬᠤᠷᠠᠯ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠠᠩ ᠣᠯᠠᠨ ᠰᠢᠯᠢᠳᠡᠭ ᠤᠳᠬ᠎ᠠ ᠤᠷᠠᠯᠢᠭ ᠤᠨ ᠴᠢᠳᠠᠪᠤᠷᠢᠲᠠᠨ ᠢ ᠬᠦᠴᠦᠯᠡᠨ ᠬᠦᠮᠦᠵᠢᠬᠦᠯᠵᠦ᠂ ᠨᠠᠩ ᠣᠯᠠᠨ ᠨᠠᠷᠠᠲᠤ ᠤᠳᠬ᠎ᠠ ᠤᠷᠠᠯᠢᠭ ᠤᠨ ᠴᠢᠳᠠᠪᠤᠷᠢᠲᠠᠨ ᠢ ᠪᠤᠶᠢᠵᠢᠭᠤᠯᠵᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠦᠢᠯᠡᠰ ᠢ ᠲᠠᠰᠤᠷᠠᠯᠲᠠ ᠥᠬᠡᠶ ᠴᠡᠴᠡᠭᠯᠡᠭᠦᠯᠦᠨ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠨᠢ ᠴᠢᠩᠭᠠᠷᠠᠭᠤᠯᠤᠨ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠢ ᠪᠦᠯᠬᠦᠮᠳᠡᠭᠦᠯᠦᠨ ᠳᠠᠭᠠᠭᠤᠯᠵᠤ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠤᠳᠬ᠎ᠠ ᠤᠷᠠᠯᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃      ᠳᠤᠮᠳᠠᠳᠤ ᠤᠯᠤᠰ ᠤᠨ ᠠᠷᠠᠳ ᠤᠨ ᠣᠳᠬ᠎ᠠ ᠣᠷᠠᠯᠢᠭᠴᠢᠳ ᠤᠨ ᠨᠡᠶᠢᠭᠡᠮᠯᠢᠭ ᠤᠨ ᠬᠤᠪᠢᠶᠠᠷᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠨᠠᠷᠢᠨ ᠪᠢᠴᠢᠭ ᠤᠨ ᠳᠠᠷᠤᠭ᠎ᠠ ᠯᠢᠦᠶ ᠵᠢᠶ᠂ ᠳᠤᠮᠳᠠᠳᠤ ᠤᠯᠤᠰ ᠤᠨ ᠠᠷᠠᠳ ᠤᠨ ᠣᠳᠬ᠎ᠠ ᠣᠷᠠᠯᠢᠭᠴᠢᠳ ᠤᠨ ᠨᠡᠶᠢᠭᠡᠮᠯᠢᠭ ᠤᠨ ᠠᠯᠪᠠᠨ ᠬᠡᠷ ᠤᠨ ᠡᠷᠬᠢᠯᠡᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠾᠦᠢ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠱᠦᠵᠢ ᠶᠢᠨ ᠭᠠᠵᠠᠷ ᠤᠨ ᠱᠦᠵᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠢᠷᠦᠭᠡᠯᠲᠦ᠂ ᠾᠧᠨᠠᠨ ᠮᠤᠵᠢ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠵᠢᠴᠢ ᠡᠯ᠎ᠡ ᠠᠶᠢᠮᠠᠭ ᠬᠤᠲᠠ᠂ ᠡᠷᠢᠶᠡᠨ ᠬᠤᠲᠠ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠭᠤᠤᠯ ᠬᠠᠷᠢᠭᠤᠴᠠᠯᠭᠠᠲᠠᠨ᠂ ᠣᠳᠣᠷᠢᠳᠬᠤ ᠪᠠᠭ ᠤᠨ ᠪᠦᠷᠢᠯᠳᠦᠬᠦᠨ᠂ ᠬᠤᠲᠠ ᠶᠢᠨ ᠠᠷᠠᠳ ᠤᠨ ᠣᠳᠬ᠎ᠠ ᠣᠷᠠᠯᠢᠭᠴᠢᠳ ᠤᠨ ᠨᠡᠶᠢᠭᠡᠮᠯᠢᠭ ᠤᠨ ᠲᠥᠯᠥᠭᠡᠯᠡᠭᠴᠢ᠂ ᠬᠡᠰᠡᠭ ᠬᠤᠰᠢᠭᠤ ᠰᠢᠶᠠᠨ ᠲᠣᠭᠤᠷᠢᠭ ᠤᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠭᠤᠤᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号