ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/9
     8 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠬᠠᠶᠢᠷᠤᠪ ᠤᠨ ᠲᠤᠬᠤᠢ ᠳᠤ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠠᠩᠬᠠᠳᠤᠭᠠᠷ ᠣᠳᠠᠭᠠᠨ ᠤ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠥᠬᠦᠳᠡ ᠬᠤᠷᠠᠯ ᠳᠤ ᠠᠵᠢᠯ ᠤᠨ ᠢᠯᠡᠳᠭᠡᠯ ᠬᠢᠬᠦ ᠶᠢᠨ ᠬᠠᠮᠲᠤ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠦᠬᠠᠶ ᠬᠤᠲᠠ ᠶᠢᠨ ᠨᠠᠮ ᠤᠨ ᠬᠤᠷᠢᠶᠠᠨ ᠤ ᠰᠠᠨᠠᠯ ︵ᠶᠠᠷᠢᠯᠴᠠᠬᠤ ᠨᠣᠤᠷᠠᠭ︶︾ ᠤᠨ ᠲᠤᠬᠠᠶ ᠲᠣᠳᠣᠷᠬᠠᠶᠢᠯᠠᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠪᠠ᠃      ᠲᠤᠰ ᠣᠳᠠᠭᠠᠨ ᠤ ᠪᠦᠬᠦᠳᠡ ᠬᠤᠷᠠᠯ ᠤᠨ ᠭᠤᠣᠯ ᠡᠭᠦᠷᠭᠡ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠦᠬᠠᠢ ᠬᠤᠳᠠ ᠶᠢᠨ ᠨᠠᠮ ᠤᠨ ᠬᠤᠷᠢᠶᠠᠨ ᠤ ᠰᠠᠨᠠᠯ︾ ᠢ ᠬᠢᠨᠠᠨ ᠵᠥᠪᠯᠡᠵᠦ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ ᠠᠴᠠ ᠨᠠᠰᠢᠬᠢ ᠠᠵᠢᠯ ᠤᠨ ᠢᠯᠡᠳᠭᠡᠯ ᠪᠣᠯᠤᠨ ᠡᠯ᠎ᠡ ᠲᠣᠭᠤᠷᠢᠭ ᠤᠨ ᠨᠠᠮ ᠤᠨ ᠬᠤᠷᠢᠶ᠎ᠠ᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号