ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ
ᠨᠡᠶᠢᠲᠡᠯᠡᠭᠰᠡᠨ ᠴᠠᠭ᠄
2024/9/10
    —ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠹᠧᠩ ᠿᠦᠩ ᠢ ᠰᠣᠷᠪᠣᠯᠵᠢᠯᠠᠭᠰᠠᠨ ᠨᠢ      ᠣᠶᠢᠷ᠎ᠠ ᠳᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠹᠧᠩ ᠿᠦᠩ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠬᠠᠢ ᠶᠢᠨ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠠᠯᠢ ᠤᠯᠠᠨ ᠦᠨᠳᠦᠰᠦᠨ ᠴᠢᠨᠠᠷᠲᠠᠢ᠂ ᠴᠢᠭᠯᠡᠯᠳᠤ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠭᠯᠡᠯ ᠢ ᠲᠣᠳᠣᠷᠬᠠᠶᠢᠯᠠᠪᠠ ᠭᠡᠵᠡᠢ᠃      ᠦ᠋ ᠹᠧᠩ ᠿᠦᠩ ᠢᠯᠡᠷᠭᠡᠶᠢᠯᠡᠭᠰᠡᠨ ᠨᠢ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠷᠠᠯᠲᠠ ᠪᠠᠨ ᠲᠣᠳᠣᠷᠬᠠᠶᠢᠯᠠᠨ᠂ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶ ᠳᠥᠯᠭᠢᠨ ᠠᠬᠢᠭᠤᠯᠵᠤ᠂ ︽ᠡᠯᠡᠰᠦᠨ ᠴᠥᠯ ᠳᠤ ᠲᠡᠯᠡᠶ ᠶᠢ ᠦᠵᠡᠬᠦ· ᠳᠤᠮᠳᠠᠳᠤ ᠤᠯᠤᠰ ᠤᠨ ᠦᠬᠠᠶ︾ ᠶᠢᠨ ᠨᠠᠷᠠᠲᠤ ᠲᠡᠮᠳᠡᠭᠲᠦ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ ᠭᠡᠵᠡᠶ᠃      ᠦ᠋ ᠹᠧᠩ ᠬᠡᠯᠡᠭᠰᠡᠨ ᠨᠢ᠂ ᠨᠢᠭᠡ ᠳᠤ᠂ ᠭᠤᠣᠯᠳᠠᠯᠭ᠎ᠠ ᠶᠢ ᠡᠵᠡᠮᠳᠡᠵᠦ᠂ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠤᠨ᠎ᠡ᠃ ᠦᠬᠠᠶ ᠶᠢᠨ ᠤᠨᠴᠠᠯᠢᠬᠳᠤ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠲᠡᠭᠦᠷᠭᠡ ᠶᠢᠨ ᠵᠢᠭᠤᠯᠴᠢᠯᠠᠯ᠂ ᠬᠡᠷ ᠤᠨ ᠭᠠᠳᠠᠨᠠᠬᠢ ᠬᠥᠳᠡᠯᠭᠡᠭᠡᠨ᠂ ᠤᠨᠴᠠᠯᠢᠬᠳᠤ ᠰᠣᠶᠣᠯ᠂ ᠰᠡᠯᠡᠭᠦᠴᠡᠨ ᠠᠮᠠᠷᠠᠬᠤ ᠳᠥᠷᠪᠡᠨ ᠶᠡᠭᠡ ᠪᠡᠶᠡᠴᠢᠯᠡᠨ ᠣᠶᠢᠯᠠᠭᠠᠬᠤ ᠬᠡᠰᠡᠭ ᠣᠷᠣᠨ ᠢ ᠪᠣᠶ ᠪᠣᠯᠭᠠᠵᠤ᠂ ᠰᠠᠭᠤᠷᠢ ᠪᠡᠯᠡᠳᠬᠡᠮᠵᠢ ᠪᠠᠨ ᠲᠠᠰ ᠳᠡᠪᠰᠢᠭᠦᠯᠬᠦ᠂ ᠠᠵᠤ ᠦᠢᠯᠡᠰ ᠢ ᠠᠭᠤᠰᠤᠯᠴᠠᠭᠤᠯᠤᠨ ᠥᠷᠭᠡᠳᠬᠡᠬᠦ᠂ ᠰᠣᠶᠣᠯ ᠤᠨ ᠴᠢᠳᠠᠪᠤᠷᠢ ᠪᠠᠨ ᠳᠡᠭᠡᠭᠰᠢᠯᠡᠭᠦᠯᠬᠦ᠂ ᠵᠢᠭᠤᠯᠴᠢᠯᠠᠯ ᠤᠨ ᠬᠡᠷᠡᠭᠯᠡᠭᠡ ᠶᠢᠨ ᠴᠢᠨᠠᠷ ᠢᠶᠠᠨ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢᠨ ᠡᠵᠡᠩᠨᠡᠨ ᠪᠣᠷᠣᠯᠠᠭᠤᠯᠤᠯᠲᠠ ᠪᠠᠨ ᠳᠡᠯᠭᠡᠷᠡᠭᠦᠯᠬᠦ ᠲᠠᠪᠤᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠨ ᠠᠵᠢᠯᠯᠠᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠣᠯᠠᠨ ᠦᠢᠯᠡᠰ ᠬᠤᠯᠪᠣᠭᠠᠯᠠᠨ ᠬᠥᠳᠡᠯᠦᠯᠴᠡᠬᠦ᠂ ᠪᠥᠬᠦ ᠣᠷᠣᠨ ᠪᠦᠰᠡ ᠬᠤᠯᠪᠣᠭᠠᠯᠠᠭᠰᠠᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠴᠢᠭ ᠢᠶᠠᠷ ᠱᠤᠭᠤᠮ ᠢ ᠳᠠᠶᠢᠴᠢᠯᠠᠵᠤ᠂ ᠱᠤᠭᠤᠮ ᠢᠶᠠᠷ ᠨᠡᠶᠢᠳᠡᠮ ᠢ ᠪᠦᠷᠢᠯᠳᠦᠭᠦᠯᠦᠨ᠂ ᠬᠡᠯᠬᠢᠶᠡᠵᠢᠭᠰᠡᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠᠨ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠪᠠᠨ ᠦᠷᠭᠦᠯᠵᠢᠯᠡᠨ ᠪᠠᠶᠠᠯᠢᠭᠵᠢᠭᠤᠯᠵᠤ᠂ ᠦᠬᠠᠶ ᠶᠢᠨ ᠣᠨᠴᠠᠯᠢᠭ ᠲᠠᠢ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠵᠠᠮ ᠢ ᠪᠣᠶ ᠪᠣᠯᠭᠠᠨ᠎ᠠ᠃      ᠬᠤᠶᠠᠷ ᠲᠤ᠂ ᠳᠤᠮᠳᠠᠳᠤ ᠤᠯᠤᠰ ᠤᠨ ᠡᠯᠡᠰᠦᠨ ᠴᠦᠯ ᠤᠨ ᠬᠡᠭᠡᠷᠡᠯᠡᠨ ᠠᠶᠠᠯᠠᠬᠤ ᠭᠠᠵᠠᠷ ᠢ ᠪᠣᠶ ᠪᠣᠯᠭᠠᠵᠤ᠂ ︽ᠡᠯᠡᠰᠦᠨ ᠴᠦᠯ ᠳᠤ ᠲᠡᠯᠡᠶ ᠶᠢ ᠦᠵᠡᠬᠦ· ᠳᠤᠮᠳᠠᠳᠤ ᠤᠯᠤᠰ ᠤᠨ ᠦᠬᠠᠶ︾ ᠶᠢᠨ ᠨᠠᠷᠠᠲᠤ ᠲᠡᠮᠳᠡᠭᠲᠦ ᠶᠢᠨ ᠤᠷᠢᠶᠠᠯᠠᠬᠤ ᠬᠦᠴᠦᠨ ᠢᠶᠠᠨ ᠳᠡᠭᠡᠭᠰᠢᠯᠡᠭᠦᠯᠦᠨ᠎ᠡ᠃ ᠡᠯᠡᠰᠦ᠂ ᠳᠠᠯᠠᠢ ᠶᠢᠨ ᠪᠠᠶᠢᠭᠠᠯᠢ ᠶᠢᠨ ᠦᠵᠡᠮᠵᠢ ᠶᠢᠨ ᠡᠬᠢ ᠪᠠᠶᠠᠯᠢᠭ ᠲᠤ ᠲᠦᠰᠢᠭᠯᠡᠨ᠂ ᠳᠤᠮᠳᠠᠳᠤ ᠤᠯᠤᠰ ᠤᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠭᠠᠵᠠᠷ ᠢ ᠪᠣᠶ ᠪᠣᠯᠭᠠᠵᠤ᠂ ᠬᠡᠭᠡᠷᠡᠯᠡᠬᠦ ᠮᠠᠰᠢᠨ ᠲᠡᠷᠭᠡ ᠡᠯᠡᠰᠦᠨ ᠴᠥᠯ ᠳᠤ ᠲᠠᠪᠬᠢᠬᠤ᠂ ᠶᠠᠪᠠᠭᠠᠨ ᠢᠶᠠᠷ ᠲᠤᠭᠤᠯᠬᠤ᠂ ᠬᠡᠭᠡᠷ᠎ᠡ ᠪᠠᠭᠤᠳᠠᠯᠯᠠᠬᠤ ᠠᠮᠠᠷᠠᠯᠲᠠ ᠵᠡᠷᠭᠡ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠡᠯᠡᠰᠦᠨ ᠴᠥᠯ ᠤᠨ ᠲᠥᠷᠥᠯ ᠵᠦᠢᠯ ᠤᠨ ᠰᠠᠭᠤᠷᠢ ᠪᠡᠯᠡᠳᠬᠡᠮᠵᠢ ᠶᠢᠨ ᠲᠠᠰ ᠳᠡᠪᠰᠢᠬᠦ᠂ ᠰᠣᠳᠣᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠵᠠᠮ ᠱᠤᠭᠤᠮ ᠪᠠ ᠬᠤᠸᠠᠷᠠᠨ ᠢ ᠲᠥᠯᠥᠪᠵᠢᠭᠦᠯᠦᠨ᠂ ᠡᠯᠡᠰᠦᠨ ᠴᠥᠯ ᠤᠨ ᠵᠢᠭᠤᠯᠴᠢᠯᠠᠯ ᠤᠨ ᠰᠢᠨ᠎ᠡ ᠭᠠᠵᠠᠷ ᠤᠨ ᠲᠡᠮᠳᠡᠭ ᠢ ᠪᠣᠶ ᠪᠣᠯᠭᠠᠨ᠎ᠠ᠃ ︽ᠤᠷᠤᠯᠳᠤᠭᠠᠨ ᠢ ᠳᠠᠭᠠᠵᠤ ᠵᠢᠭᠤᠯᠴᠢᠯᠠᠬᠤ︾ ᠰᠦᠷ ᠬᠦᠴᠦᠨ ᠢ ᠪᠣᠶ ᠪᠣᠯᠭᠠᠵᠤ᠂ ᠣᠯᠠᠨ ᠤᠯᠤᠰ᠂ ᠪᠥᠬᠦ ᠤᠯᠤᠰ ᠤᠨ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢ ᠡᠷᠭᠢᠯᠡᠵᠦ᠂ ᠳᠤᠮᠳᠠᠳᠤ ᠤᠯᠤᠰ ᠤᠨ ᠡᠯᠡᠰᠦᠨ ᠳᠠᠩ ᠤᠨ ᠬᠥᠯ ᠪᠥᠮᠪᠦᠭᠡ ᠶᠢᠨ ᠦᠷᠳᠡᠭᠡ ᠤᠷᠤᠯᠳᠤᠭᠠᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠢᠳᠡᠪᠬᠢᠲᠡᠶ ᠳᠠᠭᠠᠭᠠᠴᠢᠯᠠᠨ ᠡᠷᠭᠢᠯᠡᠵᠦ᠂ ᠮᠠᠨ ᠤ ᠬᠤᠲᠠ ᠶᠢᠨ ᠡᠯᠡᠰᠦᠨ ᠴᠥᠯ ᠤᠨ ᠲᠠᠮᠢᠷ ᠤᠨ ᠬᠥᠳᠡᠯᠭᠡᠭᠡᠨ ᠤ ᠬᠦᠷᠢᠶᠡᠨ ᠤ ︽ᠰᠢᠨ᠎ᠡ ᠰᠢᠪᠲᠤᠯᠤᠯᠳᠠ︾ ᠶᠢ ᠠᠬᠢᠭᠤᠯᠵᠤ᠂ ᠦᠬᠠᠶ ᠶᠢᠨ ᠥᠪᠡᠷᠮᠢᠴᠡ ᠣᠨᠴᠠᠯᠢᠭ ᠲᠠᠢ ︽ᠪᠡᠶ᠎ᠡ ᠶᠢᠨ ᠲᠠᠮᠢᠷ+ ᠵᠢᠭᠤᠯᠴᠢᠯᠠᠯ︾ ᠤᠨ ᠤᠷᠤᠯᠳᠤᠭᠠᠨ ᠤ IP ᠶᠢ ᠪᠣᠶ ᠪᠣᠯᠭᠠᠨ᠎ᠠ᠃ ᠤᠬᠠᠭᠤᠯᠭ᠎ᠠ ᠪᠠᠨ ᠴᠢᠩᠭᠠᠳᠬᠠᠵᠤ᠂ ᠬᠤᠳᠠ ᠶᠢᠨ ᠠᠯᠳᠠᠷᠰᠢᠯ ᠢ ᠳᠡᠭᠡᠭᠰᠢᠯᠡᠭᠦᠯᠵᠦ᠂ 2024 ᠣᠨ ᠠᠴᠠ ᠨᠠᠰᠢ᠂ ︽ᠡᠯᠡᠰᠦᠨ ᠴᠦᠯ ᠳᠤ ᠲᠠᠯᠠᠢ ᠶᠢ ᠦᠵᠡᠬᠦ· ᠳᠤᠮᠳᠠᠳᠤ ᠤᠯᠤᠰ ᠤᠨ ᠦᠬᠠᠢ︾ ᠶᠢᠨ ᠲᠦᠷᠦᠯ ᠲᠡᠮᠳᠡᠭ ᠢ ᠪᠦᠬᠦ ᠰᠦᠯᠵᠢᠶ᠎ᠡ ᠪᠠᠷ 3.6 ᠳ᠋ᠦᠩᠰᠢᠭᠤᠷ ᠤᠳᠠᠭ᠎ᠠ ᠳᠡᠯᠭᠡᠨ ᠦᠵᠡᠭᠦᠯᠪᠡ᠃ ᠨᠡᠩ ᠤᠯᠠᠨ ᠰᠣᠳᠣᠨ ᠪᠦᠲᠦᠭᠡᠯ ᠤᠨ ᠠᠵᠢᠯᠯᠠᠭ᠎ᠠ ᠶᠢ ᠦᠷᠭᠦᠯᠵᠢᠯᠡᠨ ᠲᠥᠰᠦᠪᠯᠡᠨ ᠭᠠᠷᠭᠠᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠤᠨ ᠳᠠᠪᠠᠭᠤᠯᠢᠭ ᠢ ᠥᠷᠭᠡᠨ ᠢᠶᠠᠷ ᠠᠰᠢᠭᠯᠠᠵᠤ᠂ ᠤᠬᠠᠭᠤᠯᠭ᠎ᠠ ᠶᠢᠨ ᠬᠦᠭᠵᠢᠶᠡᠨᠳᠦ ᠴᠢᠭ ᠢ ᠪᠤᠢ ᠪᠤᠯᠭᠠᠵᠤ᠂ ︽ᠡᠯᠡᠰᠦᠨ ᠴᠦᠯ ᠳᠤ ᠲᠠᠯᠠᠢ ᠶᠢ ᠦᠵᠡᠬᠦ· ᠳᠤᠮᠳᠠᠳᠤ ᠤᠯᠤᠰ ᠤᠨ ᠦᠬᠠᠶ︾ ᠶᠢᠨ ᠲᠦᠷᠦᠯ ᠲᠡᠮᠳᠡᠭ ᠤᠨ ᠲᠠᠲᠠᠬᠤ ᠬᠦᠴᠦᠨ ᠢ ᠭᠦᠢᠴᠡᠳ ᠪᠠᠳᠠᠷᠠᠭᠤᠯᠤᠨ᠎ᠠ᠃      ᠭᠤᠷᠪᠠ ᠳᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠦᠬᠠᠶ ᠶᠢᠨ ᠣᠨᠴᠠᠯᠢᠭ ᠪᠦᠬᠦᠢ ᠲᠡᠤᠬᠡ ᠰᠣᠶᠣᠯ ᠪᠠᠶᠢᠭᠠᠯᠢ ᠶᠢᠨ ᠡᠬᠢ ᠪᠠᠶᠠᠯᠢᠭ ᠢᠶᠠᠷ ︽ᠡᠬᠢ ᠪᠤᠯᠠᠭ︾ ᠪᠣᠯᠭᠠᠵᠤ᠂ ᠦᠬᠠᠶ ᠶᠢᠨ ᠬᠠᠲᠤᠨ ᠭᠤᠤᠯ ᠤᠨ ᠰᠣᠶᠣᠯ᠂ ᠬᠤᠪᠢᠰᠬᠠᠯ ᠤᠨ ᠰᠣᠶᠣᠯ᠂ ᠦᠢᠯᠡᠳᠪᠦᠷᠢ ᠠᠭᠤᠷᠬᠠᠶ ᠶᠢᠨ ᠰᠣᠶᠣᠯ ᠤᠨ ᠣᠶᠤᠨ ᠰᠠᠨᠠᠭᠠᠨ ᠤ ᠳᠣᠲᠣᠷᠠᠬᠢ ᠴᠥᠮ᠎ᠡ ᠪᠣᠯᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠰᠣᠶᠣᠯ ᠤᠨ ᠥᠪ ᠢ ᠬᠠᠮᠠᠭᠠᠯᠠᠬᠤ ᠪᠠ ᠠᠰᠢᠭᠯᠠᠬᠤ ᠪᠠᠨ ᠴᠢᠩᠭᠠᠳᠬᠠᠵᠤ᠂ ᠰᠦᠯᠵᠢᠶᠡᠨ ᠳᠡᠭᠡᠷᠡᠬᠢ ᠤᠬᠠᠭᠤᠯᠭ᠎ᠠ ᠬᠢᠭᠡᠳ ᠰᠦᠯᠵᠢᠶᠡᠨ ᠭᠠᠳᠠᠨᠠᠬᠢ ᠰᠣᠯᠢᠯᠴᠠᠭ᠎ᠠ ᠶᠢ ᠤᠶᠠᠯᠳᠤᠭᠤᠯᠵᠤ᠂ ᠣᠯᠠᠨ ᠬᠠᠷᠠᠭᠠᠰᠤ᠂ ᠣᠯᠠᠨ ᠠᠷᠭ᠎ᠠ ᠵᠠᠮ ᠢᠶᠠᠷ ᠭᠤᠤᠯ ᠰᠡᠳᠦᠪᠲᠦ ᠵᠣᠬᠢᠶᠠᠨ ᠪᠦᠲᠦᠭᠡᠬᠦ᠂ ᠲᠣᠭᠯᠠᠯᠲᠠ ᠭᠠᠷᠭᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠡᠯ᠎ᠡ ᠭᠠᠵᠠᠷ ᠤᠨ ᠵᠤᠭᠠᠴᠠᠭᠰᠠᠳ ᠢ ᠲᠡᠳᠡᠨ ᠠᠪᠴᠢᠷᠠᠵᠤ᠂ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠳᠠᠮᠵᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号