9 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠶᠠᠨ ᠱᠤᠸᠠᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠬᠠᠷᠢᠯᠴᠠᠬᠤ ᠴᠢᠭ ᠪᠣᠯᠬᠤ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠪᠦᠬᠦ ᠬᠤᠳᠠ ᠶᠢᠨ | ᠨᠢᠭᠡᠳᠦᠮᠡᠯ ᠹᠷᠣᠨᠲ ᠤᠨ ︽ᠰᠡᠳᠬᠢᠯ ᠨᠢᠭᠡᠳᠦᠨ ᠰᠤᠷᠤᠯᠴᠠᠶᠡ᠂ ᠶᠣᠰᠣ ᠰᠤᠷᠲᠠᠬᠤᠨ ᠢ ᠪᠤᠢ ᠪᠣᠯᠭᠠᠵᠤ ᠬᠦᠰᠡᠯ | ᠵᠡᠭᠦᠳᠦ ᠪᠠᠨ ᠲᠡᠷᠭᠡᠯᠰᠢᠭᠦᠯᠤᠶᠡ︾ ᠭᠡᠬᠦ ᠨᠣᠮ ᠤᠩᠰᠢᠬᠤ ᠬᠤᠷᠠᠯ ᠳᠤ ᠣᠷᠣᠯᠴᠠᠪᠠ᠂ | ᠶᠠᠨ ᠱᠤᠸᠠᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠠ | ᠦᠨᠳᠦᠰᠦᠨ ᠪᠠᠲᠤᠯᠠᠭ᠎ᠠ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠭᠰᠠᠨ ᠪᠥᠭᠡᠳ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠳᠤ ᠲᠠᠶᠢᠯᠤᠮᠵᠢ ᠬᠢᠵᠦ᠂ ᠥᠷᠭᠡᠨ ᠤᠯᠠᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠢᠨ ᠨᠠᠮ ᠤᠨ ᠲᠥᠪ ᠬᠤᠷᠢᠶᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠣᠶᠢᠯᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠬᠥᠭᠵᠢᠯᠲᠡ ᠶᠢᠨ ᠠᠵᠠ ᠲᠣᠬᠢᠶᠠᠯ ᠢ | ᠠᠮᠵᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠦᠬᠠᠢ ᠶᠢᠨ ᠦᠢᠯᠡᠳᠦᠯᠭᠡ ᠶᠢᠨ ᠳᠤᠮᠳᠠ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠵᠣᠷᠢᠭᠵᠢᠭᠤᠯᠪᠠ᠃ | ᠬᠤᠷᠠᠯ ᠠᠴᠠ ᠡᠮᠦᠨ᠎ᠡ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠲᠥᠯᠥᠭᠡᠯᠡᠭᠴᠢ | ᠠᠵᠤ ᠠᠬᠤᠶᠢᠯᠠᠯ ᠤᠨ BDO ᠶᠢ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ | ᠲᠣᠭᠤᠷᠢᠨ ᠦᠵᠡᠪᠡ᠃ ᠨᠣᠮ ᠤᠩᠰᠢᠬᠤ ᠬᠤᠷᠠᠯ ᠳᠡᠭᠡᠷ᠎ᠡ᠂ 6 ᠲᠥᠯᠥᠭᠡᠯᠡᠭᠴᠢ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ | ᠲᠣᠭᠤᠷᠢᠨ ᠳᠤ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ | ᠬᠤᠪᠢᠶᠠᠯᠴᠠᠪᠠ᠃ | |