ᠮᠠᠨ ᠤ ᠬᠤᠲᠠ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/13
     9 ᠰᠠᠷ᠎ᠠ ᠶᠢᠨ 11 ᠤ ᠡᠳᠦᠷ᠂ ᠮᠠᠨ ᠤ ᠬᠤᠲᠠ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠬᠡᠷ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠯᠪᠠᠨ ᠬᠡᠷ ᠵᠡᠷᠭᠡ ᠣᠯᠠᠨ ᠨᠢᠭᠡᠴᠡ ᠬᠠᠮᠲᠤᠷᠠᠨ ᠡᠷᠭᠢᠯᠡᠵᠦ᠂ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠵᠤ᠂ ᠪᠥᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠠᠮᠤᠷ ᠲᠦᠪᠰᠢᠨ ᠰᠦᠯᠵᠢᠶᠡᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠶᠢᠨ ᠲᠥᠯᠥᠭᠡ ᠶᠤᠮ᠃      ᠠᠵᠢᠯᠯᠠᠭ᠎ᠠ ᠶᠢᠨ ᠳᠤᠮᠳᠠ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠦᠭᠰᠡᠨ ᠪᠥᠭᠡᠳ ᠬᠤᠷᠠᠯ ᠳᠤ ᠣᠷᠣᠯᠴᠠᠭᠰᠠᠳ ᠲᠤ ᠮᠠᠨ ᠤ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠡᠭᠦᠯᠡᠨ ᠦᠵᠡᠭᠦᠯᠦᠯᠭᠡ ᠶᠢᠨ ᠲᠢᠩᠬᠢᠮ ᠢ ᠳᠡᠯᠭᠡᠨ ᠦᠵᠡᠭᠦᠯᠵᠦ᠂ ᠬᠤᠷᠠᠯ ᠳᠤ ᠣᠷᠣᠯᠴᠠᠭᠰᠠᠳ ᠲᠤ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠲᠠᠨᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠭᠦᠨᠵᠡᠭᠡᠶ ᠤᠶᠢᠯᠠᠭᠠᠨ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠢᠷᠢ ᠲᠦᠪᠰᠢᠨ ᠢ ᠨᠢ ᠳᠡᠭᠡᠭᠰᠢᠯᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号