ᠮᠠᠨ ᠤ ᠬᠤᠲᠠ ᠶᠢᠨ ᠣᠯᠠᠨ ᠪᠦᠲᠦᠭᠡᠯ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠦᠯᠢᠭᠡᠷ ᠤᠨ ᠤᠷᠤᠯᠳᠤᠭᠠᠨ ᠳᠤ ᠱᠠᠩᠨᠠᠯ ᠬᠦᠷᠳᠡᠪᠡ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠶᠠᠰᠤ ᠴᠢᠨᠠᠷ ᠤᠨ ᠨᠡᠶᠢᠭᠡᠮᠯᠢᠭ ᠠᠴᠠ ᠭᠤᠣᠯᠯᠠᠨ ᠡᠷᠬᠢᠯᠡᠭᠰᠡᠨ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠢᠭᠤᠯᠤᠯᠲᠠ ᠶᠢ ᠠᠬᠢᠭᠤᠯᠬᠤ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠭᠰᠡᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ ᠦᠯᠢᠭᠡᠷ ᠤᠨ ᠤᠷᠤᠯᠳᠤᠭᠠᠨ ᠤ ᠲᠦᠩᠯᠢᠶᠣᠣ ᠳᠠᠬᠢ ᠤᠷᠤᠯᠳᠤᠭᠠᠨ ᠤ ᠲᠣᠭᠤᠷᠢᠭ ᠵᠢᠴᠢ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠦᠯᠢᠭᠡᠷ ᠤᠨ ᠤᠷᠤᠯᠳᠤᠭᠠᠨ ᠤ ᠶᠠᠷᠢᠶ᠎ᠠ ᠢᠯᠡᠳᠭᠡᠯ ᠤᠨ ᠶᠡᠷᠦᠩᠬᠡᠢ ᠰᠢᠢᠳᠪᠦᠷᠢᠲᠤ ᠤᠷᠤᠯᠳᠤᠭᠠᠨ ᠲᠦᠩᠯᠢᠶᠣᠣ ᠬᠤᠲᠠ ᠳᠤ ᠶᠠᠪᠤᠭᠳᠠᠪᠠ᠃      ᠲᠣᠰ ᠬᠤᠭᠤᠴᠠᠭᠠᠨ ᠤ ᠤᠷᠤᠯᠳᠤᠭᠠᠨ ᠨᠢ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ  ᠨᠠᠷᠠᠲᠤ ᠲᠥᠷᠥᠯ ᠲᠡᠮᠳᠡᠭᠲᠦ ᠶᠢᠨ ᠰᠢᠨ᠎ᠡ ᠪᠠᠶᠢᠳᠠᠯ ᠴᠢᠳᠠᠪᠤᠷᠢ ᠶᠢ ᠪᠠᠳᠠᠷᠠᠭᠤᠯᠤᠶ᠎ᠡ︾ ᠬᠡᠬᠦ ᠪᠠᠷ ᠭᠤᠤᠯ ᠰᠡᠳᠦᠪ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠶᠠᠷᠢᠶ᠎ᠠ᠂ ᠡᠬᠡ ᠪᠢᠴᠢᠭ ᠡᠯᠰᠡᠬᠦ᠂ ᠪᠢᠴᠢᠯ ᠺᠢᠨᠣ᠋ ᠪᠠ ᠣᠬᠤᠷ ᠸᠢᠳᠢᠣ᠋ ᠵᠡᠷᠭᠡ 4 ᠲᠥᠷᠥᠯ ᠢᠯᠭᠠᠯ ᠳᠣᠭᠢᠷᠠᠭᠤᠯᠤᠨ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠢ ᠰᠠᠶᠢᠲᠤᠷ ᠶᠠᠷᠢᠵᠤ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠨᠠᠷᠠᠲᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠶᠤᠮ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ 5 ᠳ᠋ᠤᠭᠠᠷ ᠰᠠᠷ᠎ᠠ ᠳᠤ ᠡᠬᠢᠯᠡᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ  ᠶᠢᠨ 81 ᠠᠵᠤ ᠠᠬᠤᠶᠢᠯᠠᠯ ᠨᠡᠷ᠎ᠡ ᠮᠡᠳᠡᠭᠦᠯᠪᠡ᠃ ᠲᠤᠰᠬᠠᠶ ᠮᠡᠷᠭᠡᠵᠢᠯ ᠤᠨ ᠰᠢᠯᠭᠠᠷᠠᠭᠤᠯᠤᠯᠲᠠ ᠪᠠᠷ ᠳᠡᠮᠵᠢᠨ᠂ ᠮᠠᠨ ᠤ ᠬᠤᠲᠠ ᠶᠢᠨ ᠰᠣᠩᠭᠤᠨ ᠬᠦᠷᠭᠡᠭᠰᠡᠨ ᠪᠢᠴᠢᠯ ᠺᠢᠨᠣ᠋ ︽ᠶᠠᠩ ᠭᠤᠸᠠᠩ ᠲᠢᠶᠠᠨ ᠢᠦᠶ— ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠪᠦᠲᠦᠭᠡᠯ ᠨᠢ ᠰᠢᠯᠢᠳᠡᠭ ᠲᠠᠰ ︵ᠨᠢᠭᠡᠳᠦᠭᠡᠷ ᠳᠡᠰ ᠤᠨ ᠱᠠᠩᠨᠠᠯ︶᠂ ︽ᠦᠬᠠᠶ ᠶᠢᠨ ᠦᠵᠦᠮ— ᠭᠠᠵᠠᠷ ᠵᠦᠶ ᠶᠢᠨ ᠲᠡᠮᠳᠡᠭᠲᠦ ᠪᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ︾ ︽ᠪᠦᠦ ᠶᠤᠸᠠᠨ ᠤ ᠲᠠᠷᠢᠶᠠᠯᠠᠩ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢ ᠠᠮᠢ ᠠᠬᠤᠶ ᠶᠢᠨ ᠮᠠᠯ ᠠᠵᠤ ᠠᠬᠤᠶ ᠳᠤ ᠵᠢᠬᠦᠷ ᠤᠷᠭᠤᠭᠤᠯᠪᠠ︾ ᠬᠡᠭᠦ ᠬᠤᠶᠠᠷ ᠪᠦᠲᠦᠭᠡᠯ ᠨᠢ ᠪᠤᠳᠠᠲᠤ ᠬᠦᠴᠦᠨ ᠤ ᠲᠡᠰ ︵ᠬᠤᠶᠠᠳᠤᠭᠠᠷ ᠳᠡᠰ ᠤᠨ ᠱᠠᠩᠨᠠᠯ︶  ᠤᠨ ᠢᠷᠠᠭᠤ ᠠᠯᠳᠠᠷ ᠭᠥᠷᠳᠡᠵᠦ᠂ 2 ᠶᠠᠷᠢᠶ᠎ᠠ ᠢᠯᠡᠳᠭᠡᠭᠴᠢ ᠨᠢ ᠪᠣᠳᠠᠲᠤ ᠬᠦᠴᠦᠨ ᠤ ᠲᠠᠰ ︵ᠬᠤᠶᠠᠳᠤᠭᠠᠷ ᠳᠡᠰ ᠤᠨ ᠱᠠᠩᠨᠠᠯ︶ ᠤᠨ ᠢᠷᠠᠭᠤ ᠠᠯᠳᠠᠷ ᠢ ᠭᠥᠷᠳᠡᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号