ᠬᠤᠲᠠ ᠶᠢᠨ ᠳ᠋ᠡᠶᠢᠲ᠋ᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠤᠨ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/9/23
     9 ᠰᠠᠷ᠎ᠠ ᠶᠢᠨ 20 ᠤ ᠡᠳᠦᠷ᠂ ᠬᠤᠲᠠ ᠶᠢᠨ ᠳ᠋ᠡᠶᠢᠲ᠋ᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠫᠠᠶᠢᠰᠠ ᠰᠡᠬᠦᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠬᠤᠷᠠᠯ ᠳᠤ ᠣᠷᠣᠯᠴᠠᠵᠤ ᠪᠠᠶᠠᠷ ᠤᠨ ᠦᠭᠡ ᠭᠡᠯᠡᠪᠡ᠃      ᠯᠢ ᠳ᠋ᠦᠩ ᠢᠯᠡᠷᠭᠡᠶᠢᠯᠡᠭᠰᠡᠨ ᠨᠢ᠂ ᠬᠤᠲᠠ ᠶᠢᠨ ᠳ᠋ᠡᠶᠢᠲ᠋ᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠢ ᠵᠣᠬᠢᠶᠠᠨ ᠪᠠᠶᠢᠭᠤᠯᠤᠭᠰᠠᠨ ᠪᠠ ᠫᠠᠶᠢᠰᠠ ᠡᠯᠭᠦᠨ ᠪᠠᠶᠢᠭᠤᠯᠤᠭᠰᠠᠨ ᠨᠢ ᠪᠥᠬᠦ ᠬᠤᠲᠠ ᠶᠢᠨ ᠳ᠋ᠡᠶᠢᠲ᠋ᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢ ᠠᠯᠬᠤᠬᠤ ᠪᠠᠲᠤ ᠪᠠᠬᠢ ᠠᠯᠬᠤᠮ ᠪᠣᠯᠤᠨ᠎ᠠ᠂ ᠤᠯᠤᠰ ᠤᠨ ᠳ᠋ᠡᠶᠢᠲ᠋ᠠᠴᠢᠯᠠᠨ ᠬᠡᠯᠪᠡᠷᠢ ᠪᠠᠨ ᠬᠤᠪᠢᠷᠠᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠳᠠᠭᠠᠵᠤ᠂ ᠬᠤᠲᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠶ ᠶᠢ ᠡᠷᠬᠢᠮᠯᠡᠬᠦ ᠠᠵᠢᠯᠯᠠᠭ᠎ᠠ ᠮᠥᠨ᠂ ᠪᠠᠰᠠ ᠴᠤ ᠮᠠᠨ ᠤ ᠬᠤᠲᠠ ᠶᠢᠨ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠬᠤᠲᠠ ᠶᠢᠨ ᠠᠵᠢᠯᠯᠠᠭᠠᠨ ᠤ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ᠂ ᠬᠤᠲᠠ ᠶᠢᠨ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠫᠠᠶᠢᠰᠠ ᠰᠡᠬᠦᠬᠦ ᠶᠣᠰᠣᠯᠠᠯ ᠳᠡᠭᠡᠷ᠎ᠡ᠂ ᠯᠢ ᠳ᠋ᠦᠩ ᠵᠡᠷᠭᠡ ᠬᠤᠲᠠ ᠶᠢᠨ ᠤᠳᠤᠷᠢᠳᠤᠯᠭ᠎ᠠ ᠬᠤᠲᠠ ᠶᠢᠨ ᠳ᠋ᠡᠶᠢᠲ᠋ᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠡᠳᠦᠷ ᠲᠤᠲᠤᠮ ᠤᠨ ᠠᠵᠢᠯᠯᠠᠭᠠᠨ ᠤ ᠲᠥᠯᠥᠪᠯᠡᠭᠡ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号