ᠣᠯᠠᠨ ᠲᠦᠮᠡᠨ ᠤ ᠠᠩᠬᠠᠷᠴᠤ ᠪᠠᠶᠢᠭ᠎ᠠ ᠡᠨᠡ ᠬᠦ ᠠᠰᠠᠭᠤᠳᠠᠯ ᠳᠤ ᠬᠠᠷᠢᠭᠤᠯᠲᠠ ᠥᠭᠬᠦ ᠶᠢᠨ ᠲᠥᠯᠥᠭᠡ᠂ | ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠣᠶᠢᠷ᠎ᠠ ᠳᠤ ᠡᠯ᠎ᠡ ᠮᠤᠵᠢ ᠶᠢᠨ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠬᠠᠩᠰᠢ ᠶᠢ ᠵᠢᠷᠤᠮᠵᠢᠭᠤᠯᠤᠨ ᠵᠠᠰᠠᠬᠤ ᠠᠵᠢᠯ ᠥᠷᠨᠢᠭᠦᠯᠬᠦ ᠶᠢ ᠨᠢᠭᠡᠳᠦᠯᠲᠡᠶ | ᠪᠠᠶᠢᠷᠢᠯᠠᠭᠤᠯᠵᠤ᠂ ᠵᠠᠷᠢᠮ ᠦᠨᠡᠳᠡᠢ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠵᠦᠢᠯᠡᠰ ᠤᠨ ᠦᠨ᠎ᠡ ᠬᠠᠩᠰᠢ ᠶᠢ ᠵᠦᠶ | ᠵᠣᠬᠢᠰᠲᠠᠶ ᠬᠢᠮᠳᠠᠷᠠᠭᠤᠯᠬᠤ ᠶᠢ ᠠᠬᠢᠭᠤᠯᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠵᠦ | ᠪᠠᠶᠢᠨ᠎ᠠ᠃ᠣᠳᠣᠬᠠᠨ ᠳᠤ᠂ ᠪᠥᠬᠦ ᠤᠯᠤᠰ ᠤᠨ ᠡᠯ᠎ᠡ ᠮᠤᠵᠢ ᠣᠷᠣᠨ ᠳᠤ ᠨᠡᠶᠢᠳᠡᠮ ᠳᠡᠭᠡᠨ 2000 ᠭᠠᠷᠤᠶ | ᠪᠠᠶᠢᠴᠠᠭᠠᠬᠤ ᠪᠠ ᠰᠢᠯᠭᠠᠨ ᠪᠠᠶᠢᠴᠠᠭᠠᠬᠤ ᠵᠦᠢᠯᠡᠰ ᠪᠠᠶᠢᠬᠤ ᠪᠦᠭᠡᠳ ᠬᠡᠰᠡᠭ ᠵᠦᠢᠯᠡᠰ ᠤᠨ ᠬᠢᠨᠢ ᠦᠨ᠎ᠡ ᠬᠠᠩᠰᠢ ᠨᠢ | ᠠᠳᠠᠯᠢ ᠪᠤᠰᠤ ᠮᠤᠵᠢ ᠣᠷᠣᠨ ᠳᠤ ᠮᠠᠰᠢ ᠶᠡᠭᠡ ᠵᠥᠷᠢᠶ᠎ᠡ ᠲᠠᠢ ᠪᠠᠶᠢᠨ᠎ᠠ᠃ | ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠠᠴᠠ ᠦᠵᠡᠪᠡᠯ᠂ | 11 ᠰᠠᠷ᠎ᠠ ᠶᠢᠨ 1 ᠤ ᠡᠳᠦᠷ ᠪᠣᠯᠲᠠᠯ᠎ᠠ᠂ ᠪᠥᠬᠦ ᠤᠯᠤᠰ ᠤᠨ 31 ᠮᠤᠵᠢ ᠣᠷᠣᠨ ᠴᠥᠮ ᠪᠠᠶᠢᠴᠠᠭᠠᠬᠤ ᠪᠠ | ᠰᠢᠯᠭᠠᠨ ᠪᠠᠶᠢᠴᠠᠭᠠᠬᠤ ᠵᠦᠢᠯᠡᠰ ᠤᠨ ᠦᠨ᠎ᠡ ᠬᠠᠨᠭ᠍ᠰᠢ ᠪᠠᠨ ᠨᠢᠭᠡᠨᠲᠡ ᠬᠢᠮᠳᠠᠷᠠᠭᠤᠯᠪᠠ᠂ ᠡᠭᠦᠨ ᠳᠤ ᠱᠠᠩᠬᠠᠶ᠂ ᠵᠢᠶᠠᠩᠰᠢ᠂ | ᠬᠥᠬᠡᠨᠠᠭᠤᠷ ᠵᠡᠷᠭᠡ ᠮᠤᠵᠢ ᠣᠷᠣᠨ ᠨᠢᠭᠡᠨᠲᠡ ᠤᠷᠢᠳ ᠢᠶᠠᠷ ᠬᠡᠷᠡᠭᠵᠢᠭᠦᠯᠤᠭ᠍ᠰᠡᠨ ᠪᠠᠶᠢᠨ᠎ᠠ᠃ ᠠᠩᠬ᠎ᠠ ᠠᠯᠬᠤᠮ ᠤᠨ | ᠵᠢᠱᠢᠯᠳᠠ ᠪᠠᠷ᠂ ᠲᠠᠩ ᠭᠠᠭᠴᠠ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠵᠦᠢᠯᠡᠰ ᠤᠨ ᠦᠨ᠎ᠡ ᠬᠠᠨᠭ᠍ᠰᠢ ᠨᠢ | ᠳᠤᠮᠳᠠᠴᠢ ᠪᠠᠷ 40 ᠲᠥᠭᠦᠷᠢᠭ ᠠᠴᠠ ᠲᠡᠭᠡᠭᠰᠢ ᠬᠢᠮᠳᠠᠷᠠᠵᠤ᠂ ᠡᠪᠡᠳᠴᠢᠲᠡᠨ ᠪᠠ ᠡᠮ ᠡᠮᠨᠡᠯᠭᠡ ᠶᠢᠨ ᠳᠠᠭᠠᠳᠬᠠᠯ ᠤᠨ | ᠪᠠᠳᠤᠯᠠᠭ᠎ᠠ ᠶᠢᠨ ᠰᠠᠭᠤᠷᠢ ᠮᠥᠩᠭᠦ ᠶᠢᠨ ᠳᠠᠷᠤᠭᠠᠰᠤ ᠶᠢ ᠰᠢᠭᠤᠳ ᠬᠥᠩᠭᠡᠷᠡᠭᠦᠯᠵᠡᠢ᠃ᠤᠯᠤᠰ ᠤᠨ ᠡᠮ ᠡᠮᠨᠡᠯᠭᠡ ᠶᠢᠨ | ᠪᠠᠳᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠤᠨ ᠬᠡᠯᠡᠬᠦ ᠳᠡᠭᠡᠨ᠂ | ᠬᠤᠶᠢᠰᠢᠳᠠ ᠶᠢᠨ ᠨᠢᠭᠡ ᠬᠤᠭᠤᠴᠠᠭᠠᠨ ᠳᠤ᠂ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠨᠢ | ᠪᠠᠶᠢᠴᠠᠭᠠᠬᠤ ᠲᠥᠬᠦᠭᠡᠷᠦᠮᠵᠢ᠂ ᠰᠢᠯᠭᠠᠨ ᠪᠠᠶᠢᠴᠠᠭᠠᠬᠤ ᠲᠤᠷᠰᠢᠯᠲᠠ ᠶᠢᠨ ᠡᠮ ᠢ ᠬᠤᠳᠠᠯᠳᠤᠨ ᠠᠪᠬᠤ ᠥᠪᠡᠷ ᠤᠨ | ᠥᠷᠲᠡᠭ ᠤᠨ ᠬᠢᠮᠳᠠᠷᠠᠯ ᠤᠨ ᠪᠠᠶᠢᠳᠠᠯ ᠢ ᠦᠨᠳᠦᠰᠦᠯᠡᠨ᠂ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠦᠨ᠎ᠡ ᠬᠠᠩᠰᠢ ᠶᠢ | ᠵᠢᠷᠤᠮᠵᠢᠭᠤᠯᠤᠨ ᠵᠠᠰᠠᠬᠤ ᠠᠵᠢᠯ ᠢ ᠪᠦᠯᠦᠭ ᠬᠤᠪᠢᠶᠠᠨ ᠥᠷᠨᠢᠭᠦᠯᠦᠨ᠎ᠡ᠃ᠡᠭᠦᠨ ᠤ ᠬᠠᠮᠲᠤ᠂ ᠪᠠᠶᠢᠴᠠᠭᠠᠬᠤ ᠪᠠ | ᠰᠢᠯᠭᠠᠨ ᠪᠠᠶᠢᠴᠠᠭᠠᠬᠤ ᠦᠨ᠎ᠡ ᠬᠠᠩᠰᠢ ᠶᠢ ᠪᠠᠭᠤᠷᠠᠭᠤᠯᠤᠨ ᠰᠤᠯᠠᠯᠠᠵᠤ ᠭᠠᠷᠭᠠᠭᠰᠠᠨ ᠵᠠᠷᠤᠳᠠᠯ ᠤᠨ ᠣᠷᠣᠨ ᠵᠠᠶ ᠳᠤ᠂ | ᠦᠨ᠎ᠡ ᠬᠠᠩᠰᠢ ᠶᠢ ᠲᠣᠬᠢᠷᠠᠭᠤᠯᠬᠤ ᠳᠤ ᠨᠡᠶᠢᠴᠡᠬᠦ ᠮᠤᠵᠢ ᠶᠢᠨ ᠰᠤᠪᠢᠯᠠᠯᠲᠠ᠂ ᠡᠭᠦᠳᠡᠨ ᠡᠮᠨᠡᠯᠭᠡ᠂ ᠮᠡᠰᠡ ᠵᠠᠰᠠᠯ ᠵᠡᠷᠭᠡ | ᠵᠦᠢᠯᠡᠰ ᠤᠨ ᠦᠨ᠎ᠡ ᠬᠠᠩᠰᠢ ᠳᠤ ᠵᠣᠬᠢᠬᠤ ᠬᠠᠷᠢᠴᠠᠯ ᠢᠶᠠᠷ ᠲᠤᠰᠬᠠᠶ ᠵᠦᠢᠯ ᠢᠶᠠᠷ ᠲᠣᠬᠢᠷᠠᠭᠤᠯᠤᠨ ᠰᠢᠯᠢᠳᠡᠭᠵᠢᠭᠦᠯᠬᠦ | ᠶᠢ ᠵᠢᠭᠠᠨ ᠵᠢᠯᠤᠭᠤᠳᠬᠤ ᠪᠦᠭᠡᠳ ᠪᠠᠰᠠ ᠡᠮᠴᠢᠯᠡᠭᠡᠨ ᠤ ᠪᠠᠴᠢᠮ ᠬᠡᠷᠡᠭᠴᠡᠭᠡ ᠶᠢ ᠬᠠᠩᠭᠠᠬᠤ ᠳᠤ ᠥᠨᠳᠥᠷ ᠲᠦᠪᠰᠢᠨ | ᠪᠥᠬᠦᠶ ᠦᠨᠡᠨ ᠰᠢᠨ᠎ᠡ ᠡᠭᠦᠳᠦᠯᠲᠡ ᠶᠢ ᠳᠡᠮᠵᠢᠬᠦ ᠳᠤ ᠵᠠᠷᠤᠳᠠᠯ ᠤᠨ ᠣᠷᠣᠨ ᠵᠠᠶ ᠦᠯᠡᠳᠡᠭᠡᠨ ᠥᠭᠴᠦ᠂ ᠨᠠᠩ ᠣᠯᠠᠨ | ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠬᠤᠷᠣᠭᠳᠠᠯ ᠮᠠᠲ᠋ᠧᠷᠢᠶᠠᠯ ᠢ ᠡᠮᠴᠢᠯᠡᠭᠡᠨ ᠳᠤ ᠬᠡᠷᠡᠭᠯᠡᠬᠦ ᠶᠢ | ᠲᠦᠷᠭᠡᠳᠬᠡᠵᠦ᠂ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠪᠤᠶᠠᠨ ᠦᠢᠯᠡᠳᠦᠨ᠎ᠡ ᠬᠡᠪᠡ᠃ |