9 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ | ᠣᠷᠳᠣᠨ ᠤ ᠨᠠᠮᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ | ᠬᠤᠲᠠᠶᠢᠨ ᠵᠠᠰᠠᠭᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩᠤᠨ ᠬᠤᠷᠠᠯ ᠵᠢᠴᠢ ᠤᠨᠤᠯ ᠤᠨ | ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩᠤᠨ 2024 ᠣᠨ ᠤ 12 ᠳ᠋ᠤᠭᠠᠷ ᠤᠳᠠᠭᠠᠨ ᠤ | ︵ᠥᠷᠭᠡᠳᠬᠡᠭᠰᠡᠨ︶ ᠰᠤᠷᠤᠯᠴᠠᠯᠭ᠎ᠠᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠣᠶᠢᠷᠠᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠠᠷᠠᠭᠠᠴᠢᠶᠢᠨ ᠠᠯᠬᠤᠮᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠳᠡᠮᠵᠢᠵᠦ᠂ | ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠠᠶᠢᠲᠤᠷ ᠬᠦᠢᠴᠡᠳᠭᠡᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ | ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠢᠯᠳᠠ ᠶᠢᠨ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡ | ᠬᠢᠬᠦ ᠶᠢ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠬᠤᠯᠠ ᠭᠤᠭᠴᠤᠭ᠎ᠠ ᠪᠣᠯᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠳᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠮᠡᠳᠡᠭᠳᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠨᠠᠷᠢᠨ ᠬᠢᠨᠠᠮᠠᠭᠠᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠵᠢᠷᠭᠤᠳᠤᠭᠠᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠰᠢ ᠶᠢᠨ | ᠫᠢᠩ ᠶᠡᠷᠦᠩᠬᠡᠶ ᠱᠦᠵᠢ ᠶᠢᠨ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠳᠡᠭᠡᠷᠡᠬᠢ ᠶᠠᠷᠢᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠠᠨᠢᠯᠲᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢ ᠶᠢᠨ | ᠫᠢᠩ ᠶᠡᠷᠦᠩᠬᠡᠶ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ | ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠠᠵᠢᠯ ᠤᠨ ᠭᠤᠣᠯ ᠱᠤᠭᠤᠮ ᠪᠤᠯᠭᠠᠬᠤ ᠶᠢ ᠭᠦᠨᠵᠡᠭᠡᠢ ᠤᠢᠢᠯᠠᠭᠠᠨ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ | ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ | ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ | ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠰᠠᠶᠢᠵᠢᠷᠠᠭᠤᠯᠬᠤ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ | ᠴᠤᠬᠴᠠᠵᠢᠭᠤᠯᠤᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠰᠢᠨ᠎ᠡ ᠶᠢ ᠡᠭᠦᠳᠬᠦ ᠶᠢ ᠠᠳᠬᠤᠵᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠵᠦ᠂ ᠬᠤᠷᠢᠭ᠎ᠠ ᠱᠤᠭᠤᠮ ᠢ ᠪᠠᠲᠤᠳᠬᠠᠵᠤ᠂ ᠵᠠᠰᠠᠯᠲᠠ ᠪᠠᠨ ᠴᠢᠩᠭᠠᠳᠬᠠᠵᠤ᠂ ᠬᠥᠭᠵᠢᠯᠲᠡ ᠶᠢᠨ ᠦᠷ᠎ᠡ | ᠪᠦᠲᠦᠮᠵᠢ ᠪᠠᠷ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠪᠠᠨ ᠰᠢᠯᠭᠠᠨ ᠪᠠᠶᠢᠴᠠᠭᠠᠬᠤ ᠬᠡᠷᠡᠭᠳᠡᠢ᠃ | ᠭᠤᠣᠯᠳᠠᠯᠭ᠎ᠠ ᠶᠢ ᠴᠢᠩᠭ᠎ᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠲᠥᠪ ᠬᠤᠷᠢᠶᠠᠨ ᠤ | ︽ᠰᠢᠢᠳᠪᠦᠷᠢ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ | ︽ᠰᠠᠨᠠᠯ︾ ᠳᠤ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ | ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ | ᠡᠯ᠎ᠡ ᠵᠦᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠡᠭᠡᠭᠰᠢ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠰᠢᠨ᠎ᠡ ᠨᠢᠭᠡ ᠡᠭᠡᠯᠵᠢ ᠶᠢᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠵᠣᠯᠭᠠᠭᠤᠯᠵᠤ᠂ ᠨᠢᠭᠡ | ᠪᠦᠯᠦᠭ ᠦᠬᠠᠢ ᠶᠢᠨ ᠥᠭᠡᠷᠡᠴᠢᠯᠡᠯᠲᠡ ᠶᠢᠨ ︽ᠤᠨᠴᠠᠯᠢᠬᠳᠤ ᠬᠥᠳᠡᠯᠭᠡᠭᠡᠨ︾ ᠢ ᠨᠠᠷᠢᠨ ᠨᠢᠮᠪᠠᠢ ᠲᠥᠯᠥᠪᠵᠢᠭᠦᠯᠦᠨ | ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠰᠢᠪᠲᠤᠯᠤᠯᠲᠠ ᠪᠠᠷ ᠴᠢᠨᠠᠷ ᠰᠠᠶᠢᠲᠠᠢ | ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠳᠠᠶᠢᠴᠢᠯᠠᠬᠤ ᠬᠡᠷᠡᠭᠲᠡᠢ᠃ ᠴᠢᠩᠭ᠎ᠠ ᠠᠳᠬᠤᠨ ᠲᠦᠷᠭᠡᠨ ᠠᠵᠢᠯᠯᠠᠵᠤ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ | ︽ᠲᠠᠪᠤᠨ ᠶᠡᠭᠡ ᠡᠭᠦᠷᠭᠡ︾ ᠪᠣᠯᠤᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ | ᠭᠤᠣᠯᠳᠠᠯᠭ᠎ᠠ ᠲᠠᠢ ᠡᠭᠦᠷᠭᠡ᠂ ᠤᠯᠠᠨ ᠲᠦᠮᠡᠨ ᠳᠤ ᠠᠮᠠᠯᠠᠭᠰᠠᠨ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ | ᠵᠡᠷᠭᠡ ᠶᠢ ᠨᠢᠭᠡᠳ ᠨᠢᠭᠡ ᠪᠠᠷ ᠡᠮᠬᠢᠯᠡᠵᠦ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠪᠦᠬᠦ ᠬᠦᠴᠦᠨ ᠢᠶᠠᠷ ᠢᠶᠠᠨ | ᠪᠣᠭᠤᠮᠲᠠ ᠰᠢᠪᠲᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ | ᠬᠤᠷᠢᠶᠠᠨ ᠤ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ | ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠨ | ᠣᠶᠢᠯᠠᠭᠠᠵᠤ ᠡᠵᠡᠮᠰᠢᠬᠦ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠳᠤ ᠪᠦᠷᠢᠯᠳᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ ᠳ᠋ᠦᠩᠨᠡᠨ ᠬᠡᠷᠡᠭᠯᠡᠵᠦ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠳᠠᠭᠠᠭᠤᠯᠵᠤ ᠳᠠᠶᠢᠴᠢᠯᠠᠵᠤ ᠪᠠᠶᠢᠭᠠᠳ | ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ ᠪᠠᠲᠤ ᠶᠢ ᠣᠶᠢᠯᠠᠭᠠᠬᠤ ᠳᠤᠮᠳᠠ ︽ᠵᠢᠷᠭᠤᠭᠠᠨ ᠵᠦᠢᠯ ᠤᠨ ᠰᠠᠬᠢᠯᠭ᠎ᠠ | ᠪᠠᠲᠤ︾ ᠶᠢ ᠴᠢᠩᠭ᠎ᠠ ᠰᠠᠬᠢᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ | ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ | ᠰᠢᠯᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ | ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ ᠢ ᠭᠦᠨᠵᠡᠭᠡᠶ ᠴᠡᠭᠴᠡᠯᠡᠨ ᠵᠠᠰᠠᠵᠤ᠂ ︽ᠭᠤᠷᠪᠠᠨ | ᠠᠷᠪᠢᠨ ᠭᠤᠷᠪᠠᠨ ᠴᠦᠭᠡᠨ ᠭᠤᠷᠪᠠᠨ ᠤᠳᠠᠭᠠᠨ︾ ︽ᠤᠳᠠᠭᠠᠨ ᠪᠦᠳᠦᠭᠦᠯᠢᠭ ᠬᠡᠶᠢᠰᠪᠦᠷᠢ︾ ᠵᠡᠷᠭᠡ ᠠᠰᠠᠭᠤᠳᠠᠯ ᠢ | ᠴᠢᠩᠭ᠎ᠠ ᠴᠡᠭᠡᠷᠯᠡᠵᠦ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠶ | ᠭᠦᠢᠴᠡᠳᠬᠡᠵᠦ᠂ ᠰᠡᠳᠬᠢᠯ ᠤᠨ ᠦᠭᠡ ᠪᠠᠨ ᠶᠠᠷᠢᠯᠴᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢ ᠰᠢᠪᠠᠳᠠᠨ ᠵᠢᠯᠣᠭᠤᠳᠴᠤ ᠪᠠᠶᠢᠭᠠᠳ ᠨᠠᠮᠴᠢ | ᠴᠢᠨᠠᠷ ᠤᠨ ᠪᠣᠯᠪᠠᠰᠤᠷᠠᠯ ᠢ ᠨᠢ ᠴᠢᠩᠭᠠᠳᠬᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠶᠡᠭᠡ | ᠮᠣᠷᠠᠯ ᠢ ᠮᠡᠳᠡᠬᠦ᠂ ᠨᠡᠶᠢᠲᠡ ᠶᠢᠨ ᠮᠣᠷᠠᠯ ᠢ ᠰᠠᠬᠢᠬᠤ᠂ ᠬᠤᠪᠢ ᠶᠢᠨ ᠮᠣᠷᠠᠯ ᠢᠶᠠᠨ ᠴᠢᠩᠳᠠᠯᠠᠬᠤ ᠶᠢ ᠪᠡᠶᠡᠯᠡᠭᠦᠯᠬᠦ ᠬᠡᠷᠡᠭᠲᠡᠶ᠃ | ᠠᠵᠢᠯ ᠬᠢᠵᠦ ᠦᠢᠯᠡᠰ ᠪᠤᠰᠬᠠᠬᠤ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ︽ᠭᠤᠷᠪᠠᠨ ᠴᠢᠨᠠᠷ ᠰᠠᠶᠢᠳᠠᠢ︾ | ᠬᠠᠷᠠᠯᠲᠠ ᠶᠢ ᠪᠡᠶᠡᠯᠡᠭᠦᠯᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ | ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ | ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠨᠡᠩ ᠬᠦᠴᠦᠯᠡᠨ ᠴᠢᠷᠮᠠᠶᠢᠵᠤ | ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠬᠢᠵᠦ ᠦᠢᠯᠡᠰ ᠪᠤᠰᠬᠠᠬᠤ ᠶᠢ ᠦᠨᠡᠨᠬᠦ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢᠨ | ᠭᠦᠢᠴᠡᠳᠬᠡᠭᠴᠢ᠂ ᠦᠢᠯᠡᠳᠦᠯᠭᠡᠵᠢᠬᠦᠯᠦᠭᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠪᠠᠶᠠᠷ ᠤᠨ | ᠮᠡᠳᠡᠭᠡ ᠪᠠᠶᠠᠷ ᠤᠨ ᠵᠠᠬᠢᠳᠠᠯ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠳᠠ ᠶᠢᠨ ᠭᠠᠳᠠᠭᠠᠳᠤ ᠶᠠᠪᠤᠳᠠᠯ ᠵᠡᠷᠭᠡ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠪᠠᠰᠠ ᠺᠠᠳ᠋ᠷ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠬᠤᠯᠪᠣᠭᠳᠠᠯ | ᠪᠦᠬᠦᠢ ᠶᠠᠪᠤᠳᠠᠯ ᠢ ᠰᠤᠳᠤᠯᠪᠡ᠃ |