ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/9/25
    ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠦᠨ ᠬᠤᠸ᠂ ᠭᠧᠩ ᠬᠠᠢ ᠵᠢᠶᠦ᠋ᠨ᠂ ᠸᠠᠩ ᠰᠢᠶᠣᠣ ᠵᠢᠶᠦ᠋ᠨ᠂ ᠢᠦᠢ ᡁᠢ ᠶᠦᠩ᠂ ᠴᠢᠶᠠᠨ ᠶᠦᠨ ᠭᠧ᠂ ᠵᠣᠣ ᠽᠧ ᠨᠢᠩ᠂ ᠳ᠋ᠦ᠋ ᠭᠦᠸᠧ ᠰᠢᠩ ᠮᠠᠨ ᠤ ᠬᠤᠲᠠ ᠠᠴᠠ ᠠᠵᠢᠯ ᠰᠢᠯᠵᠢᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠡᠭᠡᠷᠡᠬᠢ 7 ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ ᠬᠦᠴᠦᠨ ᠦᠭᠡᠢ ᠪᠣᠯᠭᠠᠪᠠ᠃      2024 ᠣᠨ ᠤ 9 ᠰᠠᠷ᠎ᠠ ᠶᠢᠨ 12 ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠠᠴᠠ ᠰᠢᠦᠢ ᠪᠦᠦ ᠴᠢᠨ ᠤ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ  ᠪᠠᠷ ᠲᠤᠭᠳᠠᠪᠠ︔ 2024 ᠣᠨ ᠤ 9 ᠰᠠᠷ᠎ᠠ ᠶᠢᠨ 12 ᠤᠨ ᠡᠳᠦᠷ᠂ ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠠᠴᠠ ᠸᠠᠩ ᠬᠠᠢ ᠮᠢᠩ ᠤᠨ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ  ᠪᠠᠷ ᠲᠤᠭᠳᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠡᠭᠡᠷᠡᠬᠢ ᠬᠤᠶᠠᠷ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ ᠬᠦᠴᠦᠨ ᠦᠭᠡᠢ ᠪᠣᠯᠭᠠᠪᠠ᠃      ᠲᠤᠰ ᠣᠳᠠᠭᠠᠨ ᠤ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠳᠤ ᠬᠤᠪᠢᠷᠠᠯᠲᠠ ᠭᠠᠷᠤᠭᠰᠠᠨ ᠤ ᠲᠠᠷᠠᠭ᠎ᠠ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠪᠣᠳᠠᠲᠠᠢ ᠪᠠᠶᠢᠭ᠎ᠠ ᠲᠥᠯᠥᠭᠡᠯᠡᠭᠴᠢ 225 ᠬᠥᠮᠥᠨ ᠪᠤᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ                  2024 ᠣᠨ ᠤ 9 ᠰᠠᠷ᠎ᠠ ᠶᠢᠨ 24 ᠤ ᠡᠳᠦᠷ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号