9 ᠰᠠᠷ᠎ᠠ ᠶᠢᠨ 24 ᠤ ᠡᠳᠦᠷ᠂ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠣᠳᠠᠭᠠᠨ ᠤ ᠬᠤᠷᠠᠯ | ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠹᠧᠩ ᠰᠢᠤᠸᠠᠢ ᠲᠤᠸ ᠬᠤᠷᠠᠯ ᠡᠷᠭᠢᠯᠡᠵᠦ᠂ ᠳᠡᠳ᠋ ᠡᠷᠬᠢᠯᠡᠭᠴᠢ ᠪᠠᠢ ᠬᠠᠢ ᠿᠦᠩ᠂ ᠸᠠᠩ ᠶᠢᠨ᠂ ᠸᠧᠢ ᠠᠢ | ᠯᠢᠨ᠂ ᠴᠡᠩᠬᠡᠯ᠂ ᠰᠥᠩ ᠶᠤᠸᠠᠢ ᠰᠢᠶᠠ᠂ ᠿᠧᠨ ᠵᠢᠢ ᠬᠤᠸᠠ ᠪᠣᠯᠣᠨ ᠨᠠᠷᠢᠨ ᠪᠢᠴᠢᠭ ᠤᠨ ᠳᠠᠷᠤᠭ᠎ᠠ ᠲᠢᠶᠠᠨ ᠵᠤ᠋ | ᠵᠢᠶᠦ᠋ᠨ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 32 ᠬᠥᠮᠥᠨ ᠬᠤᠷᠠᠯ ᠳᠤ ᠣᠷᠣᠯᠴᠠᠪᠡ᠃ | ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠸᠠᠩ ᠰᠢᠶᠣᠣ ᠵᠢᠶᠦ᠋ᠨ ᠤ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ | ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠪᠠᠷ ᠲᠣᠭᠲᠠᠪᠠ᠃ ᠬᠤᠲᠠ ᠶᠢᠨ | ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠪᠠᠲᠤᠯᠠᠵᠤ᠂ ᠰᠢᠨ᠎ᠡ ᠪᠠᠷ ᠲᠤᠰᠢᠶᠠᠯ ᠳᠤ | ᠲᠣᠮᠢᠯᠠᠭᠳᠠᠭᠰᠠᠨ ᠬᠥᠮᠥᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠤᠯᠪᠡ᠃ | ᠬᠤᠷᠠᠯ ᠠᠴᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠦᠬᠠᠢ ᠬᠤᠳᠠ ᠶᠢᠨ ᠬᠠᠶᠢᠷᠤᠪ ᠤᠨ | ᠲᠤᠬᠤᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠣᠭᠤᠷᠢᠭ ᠤᠨ ᠬᠠᠮᠠᠭᠠᠯᠠᠯᠲᠠ ᠶᠢᠨ ᠳᠦᠷᠢᠮ︾ ᠢ | ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ | ᠪᠠᠲᠤᠯᠠᠪᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠳᠡᠭᠡᠷ᠎ᠡ ᠬᠠᠭᠠᠰ ᠵᠢᠯ ᠤᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ | ᠲᠤᠬᠠᠢ ᠮᠡᠳᠡᠭᠦᠯᠦᠯᠲᠡ᠂ 2023 ᠣᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠪᠠ 2024 ᠣᠨ ᠤ | ᠳᠡᠭᠡᠷ᠎ᠡ ᠬᠠᠭᠠᠰ ᠵᠢᠯ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ 2023 ᠣᠨ ᠤ | ᠬᠤᠳᠠ ᠶᠢᠨ ᠲᠤᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠠᠵᠢᠯ ᠤᠨ ᠲᠤᠬᠠᠢ ᠮᠡᠳᠡᠭᠦᠯᠦᠯᠲᠡ᠂ ᠪᠦᠬᠦ ᠬᠤᠳᠠ ᠶᠢᠨ ᠤᠢ | ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠵᠢᠴᠢ | ᠬᠤᠳᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠬᠠᠳᠤᠨ ᠭᠤᠣᠯ ᠤᠨ ᠰᠠᠪᠠ ᠭᠠᠵᠠᠷ ᠤᠨ | ᠣᠷᠴᠢᠨ ᠲᠣᠭᠤᠷᠢᠨ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠡ︔ ᠬᠤᠷᠠᠯ ᠠᠴᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ︽ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢ ᠬᠢᠨᠠᠨ ᠵᠦᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠲᠤᠬᠠᠢ ᠮᠡᠳᠡᠬᠦᠯᠦᠯᠳᠡ᠂ | ︽ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠪᠠᠶᠢᠳᠠᠯ ᠢ ᠬᠢᠨᠠᠨ | ᠵᠥᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠲᠤᠬᠠᠢ ᠮᠡᠳᠡᠭᠦᠯᠦᠯᠲᠡ᠂ ︽ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠪᠦᠬᠦ ᠬᠤᠳᠠ ᠶᠢᠨ | ᠣᠷᠴᠢᠨ ᠲᠣᠭᠤᠷᠢᠨ ᠤ ᠪᠠᠶᠢᠳᠠᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ | ᠪᠠᠶᠢᠳᠠᠯ ᠢ ᠬᠢᠨᠠᠨ ᠵᠥᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠲᠤᠬᠠᠢ ᠮᠡᠳᠡᠭᠦᠯᠦᠯᠲᠡ᠂ ︽ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠪᠠᠶᠢᠳᠠᠯ ᠢ ᠬᠢᠨᠠᠨ ᠵᠥᠪᠯᠡᠭᠰᠡᠨ ᠰᠠᠨᠠᠯ︾ ᠢ | ᠨᠠᠶᠢᠳᠠᠪᠤᠷᠢᠵᠢᠭᠤᠯᠤᠭᠰᠠᠨ ᠲᠤᠬᠠᠢ ᠮᠡᠳᠡᠭᠦᠯᠦᠯᠲᠡ ᠶᠢ ᠬᠢᠨᠠᠨ ᠵᠦᠪᠯᠡᠵᠦ ᠪᠠᠲᠤᠯᠠᠪᠠ︔ ᠬᠤᠷᠠᠯ ᠠᠴᠠ ︽ᠦᠬᠠᠢ | ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ 2023 ᠣᠨ ᠤ ᠬᠤᠳᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ | ᠵᠥᠪᠰᠢᠶᠡᠷᠡᠬᠦ ᠲᠤᠬᠠᠢ ᠰᠢᠢᠳᠪᠦᠷᠢ︾ ︽ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠬᠤᠳᠠ ᠶᠢᠨ ᠲᠤᠰ | ᠱᠠᠲᠤᠨ ᠤ ᠲᠥᠰᠥᠪ ᠤᠨ ᠲᠣᠬᠢᠷᠠᠭᠤᠯᠤᠯᠲᠠ ᠶᠢ ᠵᠥᠪᠰᠢᠶᠡᠷᠡᠬᠦ ᠲᠤᠬᠠᠢ ᠰᠢᠢᠳᠪᠦᠷᠢ︾ ᠶᠢ ᠪᠠᠲᠤᠯᠠᠪᠠ︔ ︽ᠦᠬᠠᠢ | ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ︿ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠷᠭ᠎ᠠ﹀ ᠳᠤ ᠵᠠᠰᠠᠪᠤᠷᠢ | ᠣᠷᠣᠭᠤᠯᠬᠤ ᠲᠤᠬᠠᠢ ᠰᠢᠢᠳᠪᠦᠷᠢ︾ ᠪᠣᠯᠣᠨ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ᠃ ᠬᠤᠷᠠᠯ ᠠᠴᠠ ᠪᠠᠰᠠ | ︽ᠦᠬᠠᠢ ᠬᠤᠲᠠ ᠶᠢᠨ ᠨᠣᠬᠠᠢ ᠲᠡᠵᠢᠭᠡᠬᠦ ᠬᠠᠮᠢᠶᠠᠷᠤᠯᠲᠠ ᠶᠢᠨ ᠳᠦᠷᠢᠮ ︵ᠲᠥᠰᠥᠯ︶︾ ᠢ ᠬᠢᠨᠠᠨ ᠵᠥᠪᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠣᠯᠣᠨ᠎ᠠ᠃ 70 ᠵᠢᠯ ᠤᠨ ᠲᠤᠷᠰᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠨᠢ ᠨᠠᠮ ᠤᠨ ᠤᠳᠤᠷᠢᠳᠤᠯᠭ᠎ᠠ ᠳᠣᠣᠷ᠎ᠠ᠂ ᠬᠦᠴᠦᠷᠬᠡᠭ | ᠶᠡᠭᠡ ᠠᠮᠢᠵᠢᠷᠠᠯ ᠤᠨ ᠬᠦᠴᠦᠨ ᠪᠠ ᠯᠤᠲᠤ ᠶᠡᠭᠡ ᠳᠠᠪᠠᠭᠤᠯᠢᠭ ᠴᠢᠨᠠᠷ ᠢᠶᠠᠨ ᠢᠯᠡᠷᠡᠭᠦᠯᠵᠦ᠂ ᠮᠠᠨ ᠤ ᠤᠯᠤᠰ ᠤᠨ ᠠᠵᠤ | ᠠᠬᠤᠢ ᠶᠢᠨ ᠲᠦᠷᠭᠡᠨ ᠬᠥᠭᠵᠢᠯᠲᠡ ᠶᠢᠨ ᠭᠠᠶᠢᠬᠠᠮᠰᠢᠭ ᠪᠠ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ | ᠪᠠᠶᠢᠳᠠᠯ ᠤᠨ ᠭᠠᠶᠢᠬᠠᠮᠰᠢᠭ ᠢ ᠡᠭᠦᠳᠬᠦ ᠳᠤ ᠴᠢᠬᠤᠯᠠ ᠳᠦᠷᠢᠮ ᠤᠨ ᠪᠠᠲᠤᠯᠠᠭ᠎ᠠ ᠬᠠᠩᠭᠠᠵᠠᠢ᠃ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠰᠢ ᠶᠢᠨ ᠫᠢᠩ ᠶᠡᠷᠦᠩᠬᠡᠢ ᠱᠦᠵᠢ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ | ᠢᠲᠡᠭᠡᠯ ᠢᠶᠠᠨ ᠪᠠᠲᠤᠳᠬᠠᠬᠤ ᠪᠠ ᠲᠠᠰᠤᠷᠠᠯᠲᠠ ᠦᠭᠡᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢᠭᠡᠳᠬᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠠᠬᠢ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠣᠷᠣᠨ | ᠨᠤᠲᠤᠭ ᠤᠨ ᠦᠢᠯᠡᠳᠦᠯᠭᠡ ᠶᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠰᠢᠨ᠎ᠡ ᠴᠠᠭ ᠦᠶ᠎ᠡ ᠳᠤ ᠰᠢᠨ᠎ᠡ ᠵᠢᠳᠬᠦᠯ | ᠴᠢᠷᠮᠠᠶᠢᠯᠭ᠎ᠠ ᠪᠠᠨ ᠢᠯᠡᠷᠡᠭᠦᠯᠵᠦ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ | ᠴᠢᠩᠭ᠎ᠠ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃ | ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ | ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠬᠥᠮᠥᠰ ᠬᠤᠷᠠᠯ ᠳᠤ ᠰᠣᠯᠠ ᠣᠷᠣᠯᠴᠠᠪᠠ᠃ |