︽ᠦᠵᠡᠰᠭᠦᠯᠡᠩᠲᠤ ᠰᠠᠶᠢᠬᠠᠨ ᠳᠤᠮᠳᠠᠳᠤ ᠤᠯᠤᠰ ᠤᠨ ᠢᠳᠡᠭᠡᠨ ᠢ ᠬᠠᠶᠢᠵᠦ  ᠲᠦᠮᠡᠨ ᠭᠠᠵᠠᠷ ᠤᠨ ᠠᠭᠤᠯᠠ ᠤᠰᠤ ᠪᠠᠷ ᠠᠮᠳᠠᠷᠬᠠᠨ ᠵᠤᠭᠠᠴᠠᠨᠠᠮ︾ ᠪᠦᠬᠦ ᠤᠯᠤᠰ ᠤᠨ ᠬᠤᠷᠢᠨ ᠲᠦᠷᠪᠡᠨ ᠴᠠᠭ ᠤᠯᠠᠷᠢᠯ ᠤᠨ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠵᠠᠮ ᠱᠤᠭᠤᠮ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ᠂ ᠦᠬᠠᠢ ᠬᠤᠳᠠ ᠶᠢᠨ ᠵᠢᠭᠤᠯᠴᠢᠯᠠᠯ ᠤᠨ ᠬᠦᠭᠵᠢᠬᠦᠯᠦᠯᠳᠡ ᠶᠢᠨ ᠶᠡᠭᠡ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/9/25
     9 ᠰᠠᠷ᠎ᠠ ᠶᠢᠨ 24 ᠤ ᠡᠳᠦᠷ᠂ ︽ᠦᠵᠡᠰᠭᠦᠯᠡᠩᠲᠤ ᠰᠠᠶᠢᠬᠠᠨ ᠳᠤᠮᠳᠠᠳᠤ ᠤᠯᠤᠰ‌‍ᠤᠨ ᠢᠳᠡᠭᠡᠨ ᠢ ᠬᠠᠶᠢᠵᠦ  ᠲᠦᠮᠡᠨ ᠭᠠᠵᠠᠷ‌‍ᠤᠨ ᠠᠭᠤᠯᠠ ᠤᠰᠤ ᠪᠠᠷ ᠠᠮᠳᠠᠷᠬᠠᠨ ᠵᠤᠭᠠᠴᠠᠨᠠᠮ︾ ᠪᠦᠬᠦ ᠤᠯᠤᠰ‌‍ᠤᠨ ᠬᠤᠷᠢᠨ ᠲᠦᠷᠪᠡᠨ ᠴᠠᠭ ᠤᠯᠠᠷᠢᠯ‌‍ᠤᠨ ᠵᠢᠭᠤᠯᠴᠢᠯᠠᠯ‌‍ᠤᠨ ᠠᠮᠲᠠᠲᠤ ᠢᠳᠡᠭᠡᠨ ᠵᠢᠴᠢ ᠵᠠᠮ ᠱᠤᠭᠤᠮ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ᠂ ᠦᠬᠠᠢ ᠬᠤᠳᠠ‌‍ᠶᠢᠨ ᠵᠢᠭᠤᠯᠴᠢᠯᠠᠯ‌‍ᠤᠨ ᠬᠦᠭᠵᠢᠬᠦᠯᠦᠯᠳᠡ ᠶᠢᠨ ᠶᠡᠭᠡ ᠬᠤᠷᠠᠯ ᠮᠠᠨ‌‍ᠤ ᠬᠤᠳᠠ ᠳᠤ ᠶᠠᠪᠤᠭᠳᠠᠪᠠ᠃ ᠪᠥᠬᠦ ᠤᠯᠤᠰ‌‍ᠤᠨ ᠵᠢᠭᠤᠯᠴᠢᠯᠠᠯ‌‍ᠤᠨ ᠪᠠᠷᠢᠮᠵᠢᠶᠠᠵᠢᠭᠤᠯᠤᠯᠲᠠ‌‍ᠶᠢᠨ ᠮᠡᠷᠭᠡᠵᠢᠯ‌‍ᠦᠨ ᠵᠥᠪᠯᠡᠯ ᠤᠨ ᠡᠷᠬᠢᠯᠡᠭᠴᠢ ᠭᠡᠰᠢᠭᠦᠨ᠂ ᠰᠣᠶᠣᠯ ᠪᠠ ᠵᠢᠭᠤᠯᠴᠢᠯᠠᠯ‌‍ᠤᠨ ᠶᠠᠮᠤᠨ‌‍ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ‌‍ᠦᠨ ᠵᠤᠷᠭᠠᠨ ᠤ ᠤᠤᠯ‌‍ᠤᠨ ᠵᠤᠷᠭᠠᠨ ᠤ ᠳᠠᠷᠤᠭ᠎ᠠ ᠰᠦᠨ ᠿᠦᠸᠧ ᠹᠧᠩ᠂ ᠬᠤᠲᠠ‌‍ᠶᠢᠨ ᠨᠠᠮ ᠤᠨ ᠬᠤᠷᠢᠶᠠᠨ‌‍ᠤ ᠳᠡᠳ᠋ ᠱᠦᠵᠢ᠂ ᠬᠤᠲᠠ‌‍ᠶᠢᠨ ᠳᠠᠷᠤᠭ᠎ᠠ ᠼᠦᠢ ᠵᠢᠩ ᠶᠢᠩ᠂ ᠥᠪᠥᠷ ᠮᠣᠩᠭᠤᠯ‌‍ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ‌‍ᠤᠨ ᠲᠢᠩᠬᠢᠮ‌‍ᠦᠨ ᠨᠠᠮ‌‍ᠤᠨ ᠤᠳᠤᠷᠢᠳᠬᠤ ᠳᠤᠭᠤᠶᠢᠯᠠᠩ‌‍ᠤᠨ ᠪᠦᠷᠢᠯᠳᠦᠭᠦᠨ᠂ ᠲᠢᠩᠬᠢᠮ‌‍ᠦᠨ ᠳᠡᠳ᠋ ᠳᠠᠷᠤᠭ᠎ᠠ ᠵᠠᠩ ᠸᠧᠨ ᠵᠢᠶᠦ᠋ᠨ ᠬᠤᠷᠠᠯ ᠳᠤ ᠣᠷᠣᠯᠴᠠᠵᠤ ᠪᠠᠶᠠᠷ‌‍ᠤᠨ ᠦᠭᠡ ᠬᠡᠯᠡᠪᠡ᠃ ᠬᠤᠲᠠ‌‍ᠶᠢᠨ ᠤᠳᠤᠷᠢᠳᠤᠯᠭ᠎ᠠ ᠮᠧᠩ ᠫᠧᠢ ᠶᠦᠨ᠂ ᠿᠧᠨ ᠵᠢᠢ ᠬᠤᠸᠠ᠂ ᠵᠠᠩ ᠮᠢᠩ ᠮᠢᠩ᠂ ᠵᠠᠩ ᠶᠦᠩ᠂ ᠹᠦ᠋ ᠲᠢᠩ ᠯᠢᠨ ᠵᠢᠴᠢ ᠳᠤᠮᠳᠠᠳᠤ ᠤᠯᠤᠰ‌‍ᠤᠨ ᠵᠢᠭᠤᠯᠴᠢᠯᠠᠯ‌‍ᠤᠨ ᠰᠣᠨᠢᠨ ᠤ ᠬᠤᠷᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠬᠤᠷᠢᠶᠠᠨ ᠳᠠᠷᠤᠭ᠎ᠠ ᠪᠠᠨ ᠿᠦᠸᠧ ᠴᠤᠸᠠᠨ᠂ ᠠᠯᠠᠱᠠ ᠠᠶᠢᠮᠠᠭ ᠤᠨ ᠳᠡᠳ᠋ ᠠᠶᠢᠮᠠᠭ‌‍ᠤᠨ ᠳᠠᠷᠤᠭ᠎ᠠ ᠯᠢᠦ ᠳ᠋ᠧ ᠼᠦᠢ ᠣᠷᠣᠯᠴᠠᠪᠡ᠃      ᠰᠦᠨ ᠿᠦᠸᠧ ᠹᠧᠩ ᠬᠡᠯᠡᠭᠰᠡᠨ ᠨᠢ᠂ ᠠᠮᠲᠠᠲᠤ ᠢᠳᠡᠭᠡᠨ ᠪᠣᠯ ᠵᠢᠭᠤᠯᠴᠢᠯᠠᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ ᠣᠷᠣᠨ ᠪᠦᠰᠡ ᠶᠢᠨ ᠭᠠᠵᠠᠷ ᠵᠦᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠳᠦᠷᠰᠦ ᠪᠠᠶᠢᠳᠠᠯ᠂ ᠬᠥᠮᠥᠨ ᠨᠡᠶᠢᠭᠡᠮ ᠤᠨ ᠵᠠᠩ ᠠᠭᠠᠯᠢ ᠶᠢᠨ ᠠᠮᠲᠠ ᠶᠢᠨ ᠰᠡᠷᠡᠯ ᠤᠨ ᠢᠯᠡᠷᠡᠭᠦᠯᠦᠯ ᠮᠥᠨ᠂ ᠨᠠᠩ ᠴᠤ ᠬᠤᠲᠠ ᠶᠢᠨ ᠵᠠᠩ ᠠᠭᠠᠯᠢ ᠶᠢᠨ ᠥᠪᠡᠷᠮᠢᠴᠡ ᠢᠯᠡᠷᠡᠯ ᠮᠥᠨ᠃ ᠣᠶᠢᠷ᠎ᠠ ᠶᠢᠨ ᠵᠢᠯ ᠠᠴᠠ ᠨᠠᠰᠢ᠂ ᠡᠯ᠎ᠡ ᠭᠠᠵᠠᠷ ᠤᠨ  ᠬᠢᠨ ᠣᠷᠣᠨ ᠨᠤᠲᠤᠭ ᠤᠨ ᠠᠮᠲᠠᠲᠤ ᠢᠳᠡᠭᠡᠨ ᠤ ᠠᠷᠤ ᠳᠠᠬᠢ ᠡᠭᠦᠰᠦᠯ ᠥᠯᠢᠭᠡᠷ ᠪᠠ ᠬᠥᠮᠥᠨ ᠰᠣᠶᠣᠯ ᠤᠨ ᠤᠳᠬ᠎ᠠ ᠠᠭᠤᠯᠭ᠎ᠠ ᠶᠢ ᠭᠦᠢᠴᠡᠳ ᠠᠭᠤᠳᠠᠯᠵᠤ᠂ ᠠᠮᠲᠠᠲᠤ ᠢᠳᠡᠭᠡᠨ ᠤ ᠵᠠᠮ ᠱᠤᠭᠤᠮ ᠢ ᠬᠤᠯᠪᠣᠨ᠂ ᠠᠮᠲᠠᠲᠤ ᠢᠳᠡᠭᠡᠨ ᠤ ᠥᠯᠢᠭᠡᠷ ᠢ ᠶᠠᠷᠢᠵᠤ᠂ ᠨᠢᠭᠡ ᠬᠤᠲᠠ ᠶᠢ ᠦᠨᠦᠷ ᠠᠮᠲᠠ ᠪᠠᠷ ᠴᠡᠭᠡᠵᠢᠯᠡᠭᠦᠯᠵᠦ᠂ ᠠᠮᠲᠠᠲᠤ ᠢᠳᠡᠭᠡᠨ ᠢᠶᠠᠷ ᠨᠢᠭᠡ ᠲᠠᠯ᠎ᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠪᠡᠶᠡᠯᠡᠭᠦᠯᠪᠡ᠃ ᠡᠨᠡ ᠵᠢᠯ ᠤᠨ 2 ᠰᠠᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠤᠨ ᠵᠤᠷᠭᠠᠨ ᠠᠴᠠ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠤ ᠬᠤᠷᠢᠶ᠎ᠠ ᠶᠢ ᠵᠢᠯᠤᠭᠤᠳᠴᠦ᠂ ︽ᠦᠵᠡᠰᠭᠦᠯᠡᠩᠲᠤ ᠰᠠᠶᠢᠬᠠᠨ ᠳᠤᠮᠳᠠᠳᠤ ᠤᠯᠤᠰ ᠤᠨ ᠢᠳᠡᠭᠡᠨ ᠢ ᠬᠠᠶᠢᠵᠦ  ᠲᠦᠮᠡᠨ ᠭᠠᠵᠠᠷ ᠤᠨ ᠠᠭᠤᠯᠠ ᠤᠰᠤ ᠪᠠᠷ ᠠᠮᠳᠠᠷᠬᠠᠨ ᠵᠤᠭᠠᠴᠠᠨᠠᠮ︾ ᠭᠡᠬᠦ ᠪᠦᠬᠦ ᠤᠯᠤᠰ ᠤᠨ ᠬᠤᠷᠢᠨ ᠲᠦᠷᠪᠡᠨ ᠤᠯᠠᠷᠢᠯ ᠤᠨ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠠᠮᠲᠠᠲᠤ ᠢᠳᠡᠭᠡᠨ ᠤ ᠵᠢᠭᠤᠯᠴᠢᠯᠠᠯ ᠤᠨ ᠱᠤᠭᠤᠮ ᠢ ᠴᠤᠭᠯᠠᠭᠤᠯᠬᠤ ᠪᠠ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠪᠡ᠃ ᠪᠥᠬᠦ ᠤᠯᠤᠰ ᠤᠨ ᠬᠠᠪᠤᠷ ᠤᠨ ᠤᠯᠠᠷᠢᠯ᠂ ᠵᠣᠨ ᠤ ᠤᠯᠠᠷᠢᠯ᠂ ᠨᠠᠮᠤᠷ ᠤᠨ ᠤᠯᠠᠷᠢᠯ ᠳᠤ ᠮᠢᠩᠭ᠎ᠠ ᠰᠢᠬᠠᠮ ᠵᠦᠢᠯ ᠤᠨ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠵᠠᠭᠤ ᠭᠠᠷᠤᠢ ᠵᠦᠢᠯ ᠤᠨ ᠠᠮᠲᠠᠲᠤ ᠢᠳᠡᠭᠡᠨ ᠤ ᠵᠢᠭᠤᠯᠴᠢᠯᠠᠯ ᠤᠨ ᠵᠠᠮ ᠱᠤᠭᠤᠮ ᠴᠣᠯᠭᠤᠷᠠᠨ ᠭᠠᠷᠴᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠵᠠᠮ ᠱᠤᠭᠤᠮ ᠢ ᠡᠯᠰᠡᠨ ᠴᠤᠭᠯᠠᠭᠤᠯᠬᠤ ᠠᠵᠢᠯ ᠴᠤ ᠶᠠᠭ ᠶᠠᠪᠤᠭᠳᠠᠵᠤ ᠪᠠᠶᠢᠨ᠎ᠠ᠃ ︽ᠡᠯᠡᠰᠦᠨ ᠴᠦᠯ ᠤᠨ ᠨᠣᠭᠤᠭᠠᠨ ᠪᠦᠷᠢᠳᠦ︾ ︽ᠦᠵᠦᠮ ᠤᠨ ᠨᠤᠲᠤᠭ︾ ᠵᠡᠷᠭᠡ ᠰᠠᠶᠢᠬᠠᠨ ᠠᠯᠳᠠᠷ ᠲᠠᠢ ᠦᠬᠠᠢ ᠳᠤ ᠪᠠᠶᠢᠭᠠᠯᠢ ᠶᠢᠨ ᠥᠩᠭᠡ ᠦᠵᠡᠮᠵᠢ ᠰᠠᠶᠢᠬᠠᠨ᠂ ᠰᠣᠶᠣᠯ ᠤᠨ ᠰᠠᠭᠤᠷᠢ ᠵᠤᠵᠠᠭᠠᠨ᠂ ᠦᠨᠳᠦᠰᠦᠲᠡᠨ ᠤ ᠵᠠᠩ ᠠᠭᠠᠯᠢ ᠭᠦᠨ ᠵᠤᠵᠠᠭᠠᠨ ᠪᠠᠶᠢᠵᠤ᠂ ᠵᠢᠭᠤᠯᠴᠢᠯᠠᠯ ᠤᠨ ᠦᠵᠡᠮᠵᠢᠲᠦ ᠣᠷᠣᠨ ᠪᠣᠯᠬᠤ ᠪᠥᠭᠡᠳ ᠨᠡᠩ ᠴᠤ ᠠᠮᠲᠠᠲᠤ ᠢᠳᠡᠭᠡᠨ ᠴᠤᠭᠯᠠᠷᠠᠭᠰᠠᠨ ᠭᠠᠵᠠᠷ ᠪᠣᠯᠣᠨ᠎ᠠ᠃ ᠲᠣᠰ ᠤᠳᠠᠭᠠᠨ ᠤ ᠠᠮᠲᠠᠲᠤ ᠢᠳᠡᠭᠡᠨ ᠵᠢᠴᠢ ᠵᠠᠮ ᠱᠤᠭᠤᠮ ᠤᠨ ᠤᠬᠠᠭᠤᠯᠭ᠎ᠠ ᠳᠡᠯᠭᠡᠷᠡᠭᠦᠯᠦᠯᠲᠡ ᠶᠢᠨ ᠠᠵᠢᠯᠯᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠳᠤ ᠶᠠᠪᠤᠭᠳᠠᠵᠤ ᠪᠠᠶᠢᠭ᠎ᠠ ᠨᠢ ᠳᠠᠷᠤᠢ ︽ᠠᠮᠲᠠᠲᠤ ᠢᠳᠡᠭᠡᠨ+ ᠵᠢᠭᠤᠯᠴᠢᠯᠠᠯ︾ ᠢ ᠭᠦᠨᠵᠡᠭᠡᠢ ᠠᠭᠤᠰᠣᠯᠴᠠᠭᠤᠯᠤᠨ ᠬᠦᠭᠵᠢᠬᠦᠯᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ ᠶᠤᠮ᠃ ᠡᠨᠡ ᠣᠳᠠᠭᠠᠨ ᠤ ᠠᠵᠢᠯᠯᠠᠭ᠎ᠠ ᠨᠢ ᠨᠡᠩ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠦᠬᠠᠢ ᠶᠢ ᠣᠶᠢᠯᠠᠭᠠᠵᠤ᠂ ᠦᠬᠠᠢ ᠳᠤ ᠢᠷᠡᠵᠤ᠂ ᠡᠨᠡᠬᠦ ᠲᠠᠲᠠᠬᠤ ᠬᠦᠴᠦᠨ ᠪᠠ ᠬᠥᠭ ᠠᠶᠠᠰ ᠪᠢᠯᠬᠠᠭᠰᠠᠨ ᠡᠯᠡᠰᠦ ᠣᠰᠣ ᠲᠠᠢ ᠭᠠᠶᠢᠬᠠᠮᠰᠢᠭᠲᠤ ᠬᠤᠳᠠ ᠶᠢ ᠪᠡᠶ᠎ᠡ ᠪᠠᠷ ᠢᠶᠠᠨ ᠣᠶᠢᠯᠠᠭᠠᠬᠤ ᠪᠣᠯᠣᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ ᠭᠡᠵᠡᠢ᠃      ᠵᠠᠩ ᠸᠧᠨ ᠵᠢᠶᠦ᠋ᠨ ᠬᠡᠯᠡᠭᠰᠡᠨ ᠨᠢ᠂ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠳ᠋ ᠠᠭᠤᠷᠠᠰᠤᠨ ᠡᠯᠪᠡᠭ ᠳᠡᠯᠪᠡᠭ᠂ ᠳᠦᠷᠪᠡᠨ ᠤᠯᠠᠷᠢᠯ ᠲᠣᠳᠣᠷᠬᠠᠢ᠂ ᠡᠨᠡᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠡᠯᠪᠡᠭ ᠪᠠᠶᠠᠯᠢᠭ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ ᠬᠠᠳᠠᠭᠠᠯᠠᠭᠳᠠᠵᠤ ᠪᠤᠢ᠂ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠠᠴᠠ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠤ ᠰᠣᠶᠣᠯ ᠢ ᠪᠣᠶᠢᠵᠢᠭᠤᠯᠵᠠᠢ᠃ ᠣᠶᠢᠷ᠎ᠠ ᠶᠢᠨ ᠵᠢᠯ ᠠᠴᠠ ᠨᠠᠰᠢ᠂ ᠥᠪᠥᠷ ᠮᠣᠩᠭᠤᠯ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠳ ᠢᠯᠡᠷᠡᠬᠦᠯᠵᠦ᠂ ᠢᠳᠡᠭᠡᠨ ᠤᠮᠳᠠᠭᠠᠨ ᠤ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠵᠤ᠂ ᠤᠷᠢᠳ ᠬᠤᠵᠢᠳ ︽ᠥᠪᠥᠷ ᠮᠣᠩᠭᠤᠯ ᠤᠨ ᠦᠨᠦᠷ ᠠᠮᠲᠠ︾ ︽ᠦᠨᠦᠷ ᠲᠠᠢ ᠠᠮᠳᠠ ᠲᠠᠢ ᠥᠪᠥᠷ ᠮᠣᠩᠭᠤᠯ︾ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠨᠠᠩ ᠣᠯᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠦᠴᠦᠨ ᠵᠦᠢᠯ ᠳᠤ ᠠᠭᠤᠰᠤᠯᠴᠠᠭᠤᠯᠤᠨ᠂ ᠣᠯᠠᠨ ᠵᠦᠢᠯ ᠤᠨ ᠠᠮᠲᠠᠲᠤ ᠢᠳᠡᠭᠡᠨ ᠤ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠰᠢᠨ᠎ᠡ ᠲᠠᠪᠴᠠᠩ ᠪᠠᠶᠢᠭᠤᠯᠤᠨ᠂ ᠰᠢᠨ᠎ᠡ ᠵᠠᠮ ᠱᠣᠭᠤᠮ ᠢ ᠬᠠᠶᠢᠨ ᠰᠦᠪᠡᠭᠴᠢᠯᠡᠵᠦ᠂ ᠥᠪᠥᠷ ᠮᠣᠩᠭᠤᠯ ᠤᠨ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ᠡᠨᠡ ᠵᠢᠯ ᠠᠴᠠ ᠨᠠᠰᠢ᠂ ᠥᠪᠥᠷ ᠮᠣᠩᠭᠤᠯ ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠬᠤᠷᠢᠨ ᠲᠦᠷᠪᠡᠨ ᠴᠠᠭ ᠤᠯᠠᠷᠢᠯ ᠤᠨ ᠠᠮᠲᠠᠲᠤ ᠢᠳᠡᠭᠡᠨ ᠤ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠠᠭᠤᠳᠠᠯᠵᠤ᠂ ᠠᠮᠲᠠᠲᠤ ᠢᠳᠡᠭᠡᠨ ᠢᠶᠠᠷ ᠰᠡᠯᠡᠭᠦᠴᠡᠯ ᠢ ᠪᠠᠶᠠᠯᠢᠭᠵᠢᠭᠤᠯᠵᠤ᠂ ᠠᠮᠲᠠᠲᠤ ᠢᠳᠡᠭᠡᠨ ᠢᠶᠠᠷ ᠵᠢᠭᠤᠯᠴᠢᠯᠠᠯ ᠢ ᠲᠠᠶᠢᠴᠢᠯᠠᠵᠤ᠂ ᠠᠮᠲᠠᠲᠤ ᠢᠳᠡᠭᠡᠨ ᠢᠶᠠᠷ ᠬᠡᠷᠡᠭᠯᠡᠭᠡ ᠶᠢ ᠠᠬᠢᠭᠤᠯᠵᠤ᠂ ᠠᠮᠲᠠᠲᠤ ᠢᠳᠡᠭᠡᠨ ᠢᠶᠠᠷ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠠᠮᠲᠠᠲᠤ ᠢᠳᠡᠭᠡᠨ ᠤ ᠵᠢᠭᠤᠯᠴᠢᠯᠠᠯ ᠢ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠭᠠᠬᠤ ᠶᠢ ᠠᠬᠢᠭᠤᠯᠪᠡ᠃ ᠪᠥᠬᠦ ᠤᠯᠤᠰ ᠤᠨ ᠬᠤᠷᠢᠨ ᠳᠥᠷᠪᠡᠨ ᠴᠠᠭ ᠤᠯᠠᠷᠢᠯ ᠤᠨ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠵᠠᠮ ᠱᠤᠭᠤᠮ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠪᠥᠷ ᠮᠣᠩᠭᠤᠯ ᠳᠤ ᠶᠠᠪᠤᠭᠳᠠᠵᠤ᠂ ᠥᠪᠥᠷ ᠮᠣᠩᠭᠤᠯ ᠤᠨ ᠠᠮᠲᠠᠲᠤ ᠢᠳᠡᠭᠡᠨ ᠤ ᠵᠢᠭᠤᠯᠴᠢᠯᠠᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠥᠷ ᠮᠣᠩᠭᠤᠯ ᠤᠨ ᠠᠮᠲᠠᠲᠤ ᠢᠳᠡᠭᠡᠨ ᠤ ᠵᠢᠭᠤᠯᠴᠢᠯᠠᠯ ᠤᠨ ᠲᠦᠷᠭᠡᠨ ᠬᠥᠭᠵᠢᠯᠲᠡ ᠶᠢ ᠠᠬᠢᠭᠤᠯᠪᠠ᠃ ᠪᠢᠳᠡ ᠡᠭᠦᠨ ᠢᠶᠠᠷ ᠵᠣᠷᠢᠭᠵᠢᠭᠤᠯᠤᠯ ᠪᠣᠯᠭᠠᠵᠤ᠂ ᠰᠣᠶᠣᠯ ᠤᠨ ᠠᠭᠤᠯᠤᠭᠳᠠᠬᠤᠨ ᠢᠶᠠᠷ ᠪᠠᠶᠠᠯᠢᠭ᠂ ᠣᠨᠴᠠᠯᠢᠭ ᠢᠶᠠᠷ ᠢᠯᠡ ᠲᠣᠳᠣ ᠵᠢᠭᠤᠯᠴᠢᠯᠠᠯ ᠤᠨ ᠠᠮᠲᠠᠲᠤ ᠢᠳᠡᠭᠡᠨ ᠪᠠ ᠵᠠᠮ ᠱᠤᠭᠤᠮ ᠢ ᠦᠷᠭᠦᠯᠵᠢᠯᠡᠨ ᠭᠠᠷᠭᠠᠵᠤ᠂ ᠠᠮᠲᠠᠲᠤ ᠢᠳᠡᠭᠡᠨ ᠤ ᠵᠢᠭᠤᠯᠴᠢᠯᠠᠯ ᠤᠨ ᠲᠦᠷᠦᠯ ᠲᠡᠮᠳᠡᠭ ᠤᠨ ᠬᠦᠴᠦᠨ ᠢ ᠶᠡᠬᠡᠰᠬᠡᠵᠦ᠂ ᠠᠮᠲᠠᠲᠤ ᠢᠳᠡᠭᠡᠨ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠨ᠎ᠡ ᠭᠡᠵᠡᠢ᠃      ᠼᠦᠢ ᠵᠢᠩ ᠶᠢᠩ ᠪᠠᠶᠠᠷ ᠤᠨ ᠦᠭᠡ ᠳᠡᠭᠡᠨ ᠤᠯᠠᠨ ᠤ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠢ ᠬᠤᠲᠠ ᠶᠢᠨ ᠬᠢᠨ ︽ᠡᠯᠡᠰᠦᠨ ᠴᠥᠯ ᠤᠨ ᠳᠠᠯᠠᠶ ᠶᠢ ᠦᠵᠡᠬᠦ· ᠳᠤᠮᠳᠠᠳᠤ ᠤᠯᠤᠰ ᠤᠨ ᠦᠬᠠᠢ︾ ᠭᠡᠬᠦ ᠵᠢᠭᠤᠯᠴᠢᠯᠠᠯ ᠤᠨ ᠨᠡᠷᠡᠲᠦ ᠲᠡᠮᠳᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ᠂ ᠵᠠᠭᠪᠤᠷ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠪᠠ ᠦᠢᠯᠡᠴᠢᠯᠡᠭᠡᠨ ᠤ ᠰᠢᠯᠢᠳᠡᠭ ᠢ ᠡᠭᠦᠳᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠵᠡᠷᠭᠡ ᠣᠨᠴᠠᠯᠢᠭᠲᠤ ᠦᠵᠡᠮᠵᠢ ᠶᠢᠨ ᠣᠷᠣᠨ ᠢ ᠪᠠᠶᠢᠭᠤᠯᠤᠨ ᠪᠦᠲᠦᠭᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠭᠤᠣᠯ ᠰᠡᠳᠦᠪ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠭᠠᠷᠭᠠᠵᠤ᠂ ᠠᠯᠠᠱᠠ ᠠᠶᠢᠮᠠᠭ ᠯᠤᠭ᠎ᠠ ᠬᠠᠮᠲᠤᠷᠠᠯᠴᠠᠨ ︽ᠦᠬᠠᠢ ᠨᠠᠭᠤᠷ ᠢ ᠲᠣᠭᠤᠷᠢᠭᠰᠠᠨ︾ ᠣᠷᠣᠨ ᠪᠦᠰᠡ ᠶᠢᠨ ᠵᠢᠭᠤᠯᠴᠢᠯᠠᠯ ᠢ ᠲᠦᠯᠬᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠨᠢᠩᠭᠦᠢ ᠬᠥᠭᠵᠢᠵᠦ᠂ ᠬᠤᠲᠠ ᠶᠢᠨ ᠠᠯᠳᠠᠷᠰᠢᠯ ᠢ ᠢᠯᠡᠳᠲᠡ ᠳᠡᠭᠡᠭᠰᠢᠯᠡᠭᠦᠯᠪᠡ᠃ ᠤᠯᠠᠨ ᠢᠶᠠᠷ ᠢᠶᠠᠨ ᠦᠬᠠᠢ ᠳᠤ ᠢᠷᠡᠵᠦ᠂ ᠦᠵᠡᠰᠬᠦᠯᠡᠩᠲᠦ ᠰᠠᠶᠢᠬᠠᠨ ᠦᠵᠡᠮᠵᠢ ᠪᠠᠷ ᠵᠤᠭᠠᠴᠠᠵᠤ᠂ ᠠᠭᠤᠯᠠ ᠤᠰᠤᠨ ᠤ ᠦᠵᠡᠮᠵᠢ ᠶᠢᠨ ᠦᠵᠡᠰᠬᠦᠯᠡᠩᠲᠦ ᠰᠠᠶᠢᠬᠠᠨ ᠪᠠᠶᠢᠳᠠᠯ ᠢ ᠪᠡᠶᠡᠴᠢᠯᠡᠨ ᠣᠶᠢᠯᠠᠭᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ ᠦᠬᠠᠢ ᠳᠤ ᠢᠷᠡᠵᠦ᠂ ᠴᠠᠭ ᠮᠥᠴᠡ ᠶᠢ ᠥᠩᠭᠡᠷᠡᠭᠡᠵᠦ᠂ ᠲᠡᠦᠬᠡ ᠰᠣᠶᠣᠯ ᠤᠨ ᠷᠢᠳᠢ ᠰᠢᠳᠢ ᠶᠢ ᠣᠶᠢᠯᠠᠭᠠᠬᠤ ᠶᠢ ᠬᠦᠰᠡᠵᠦ ᠪᠠᠶᠢᠨ᠎ᠠ᠃ ᠦᠬᠠᠢ ᠳᠤ ᠢᠷᠡᠵᠦ᠂ ᠲᠠᠭᠠᠯᠠᠮᠵᠢᠲᠠᠢ ᠶᠠᠪᠤᠨ ᠰᠠᠭᠤᠵᠦ ᠰᠡᠳᠬᠢᠯ ᠬᠠᠨᠤᠵᠤ᠂ ᠲᠠᠪᠠᠲᠠᠢ ᠰᠠᠶᠢᠬᠠᠨ ᠠᠮᠢᠳᠤᠷᠠᠯ ᠢ ᠡᠳ᠋ᠯᠡᠬᠦ ᠶᠢ ᠬᠦᠰᠡᠵᠦ ᠪᠠᠶᠢᠨ᠎ᠠ᠃ᠲᠤᠰ ᠣᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠵᠢᠭᠤᠯᠴᠢᠯᠠᠯ ᠤᠨ ᠡᠬᠢ ᠪᠠᠶᠠᠯᠢᠭ ᠢ ᠪᠠᠶᠠᠯᠢᠭᠵᠢᠭᠤᠯᠬᠤ᠂ ᠦᠬᠠᠢ ᠶᠢᠨ ᠨᠡᠷ᠎ᠡ ᠠᠯᠳᠠᠷᠰᠢᠯ ᠢ ᠳᠡᠭᠡᠭᠰᠢᠯᠡᠭᠦᠯᠬᠦ ᠰᠠᠶᠢᠨ ᠰᠠᠶᠢᠬᠠᠨ ᠠᠵᠠ ᠲᠣᠬᠢᠶᠠᠯ ᠪᠣᠯᠬᠤ ᠪᠠᠷ ᠪᠠᠷᠠᠬᠤ ᠦᠭᠡᠢ᠂ ᠨᠡᠩ ᠴᠤ ᠡᠯ᠎ᠡ ᠡᠲᠡᠭᠡᠳ ᠤᠨ ᠨᠠᠶᠢᠵᠢ ᠨᠠᠷ ᠤᠨ ᠣᠯᠣᠯᠴᠠᠭ᠎ᠠ ᠬᠠᠷᠢᠯᠴᠠᠭ᠎ᠠ ᠶᠢ ᠠᠬᠢᠭᠤᠯᠬᠤ᠂ ᠬᠠᠮᠲᠤᠷᠠᠯᠴᠠᠭ᠎ᠠ ᠶᠢ ᠴᠢᠩᠭᠠᠳᠬᠠᠬᠤ ᠴᠢᠬᠤᠯᠠ ᠲᠠᠪᠴᠠᠩ ᠪᠣᠯᠣᠨ᠎ᠠ᠃ ᠡᠷᠬᠢᠮ ᠵᠣᠴᠢᠳ ᠡᠯᠡᠰᠦᠨ ᠴᠦᠯ ᠤᠨ ᠦᠵᠡᠮᠵᠢ ᠶᠢ ᠬᠠᠮᠲᠤᠪᠠᠷ ᠰᠣᠨᠢᠷᠬᠠᠵᠤ᠂ ᠠᠭᠤᠯᠠ ᠬᠠᠶᠢᠷᠬᠠᠨ ᠡᠯᠡᠰᠦᠨ ᠬᠤᠳᠠ ᠶᠢᠨ ᠦᠪᠡᠳᠡᠭᠰᠢ ᠦᠵᠡᠮᠵᠢ ᠶᠢ ᠬᠠᠮᠲᠤᠪᠠᠷ ᠰᠣᠨᠢᠷᠬᠠᠵᠤ᠂ ᠤᠳᠤ ᠦᠶ᠎ᠡ ᠶᠢᠨ ᠬᠤᠳᠠ ᠶᠢᠨ ᠬᠢᠵᠠᠭᠠᠯᠠᠰᠢ ᠦᠭᠡᠢ ᠷᠢᠳᠢ ᠰᠢᠳᠢ ᠶᠢ ᠰᠣᠨᠢᠷᠬᠠᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠵᠠᠩ ᠠᠭᠠᠯᠢ ᠶᠢ ᠬᠠᠮᠲᠤᠪᠠᠷ ᠰᠣᠨᠢᠷᠬᠠᠬᠤ ᠶᠢ ᠬᠦᠰᠡᠵᠦ ᠪᠠᠶᠢᠨ᠎ᠠ ᠭᠡᠵᠡᠢ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠮᠲᠠᠲᠤ ᠢᠳᠡᠭᠡᠨ ᠤ ᠤᠬᠠᠭᠤᠯᠭ᠎ᠠ ᠶᠢᠨ ᠹᠢᠯᠢᠮ᠂ ᠪᠦᠬᠦ ᠤᠯᠤᠰ ᠤᠨ ᠬᠤᠷᠢᠨ ᠲᠦᠷᠪᠡᠨ ᠴᠠᠭ ᠤᠯᠠᠷᠢᠯ ︵ᠨᠠᠮᠤᠷ ᠤᠨ ᠤᠯᠠᠷᠢᠯ︶ ᠤᠨ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠵᠠᠮ ᠱᠤᠭᠤᠮ ᠤᠨ ᠤᠬᠠᠭᠤᠯᠭ᠎ᠠ ᠶᠢᠨ ᠹᠢᠯᠢᠮ ᠢ ᠬᠠᠮᠲᠤ ᠪᠠᠷ ᠰᠣᠨᠢᠷᠬᠠᠪᠠ᠃ ᠮᠠᠨ ᠤ ᠬᠤᠲᠠ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠥᠪᠡᠷ ᠢᠶᠠᠨ ᠲᠡᠷᠭᠡ ᠵᠢᠯᠤᠭᠤᠳᠬᠤ ᠰᠣᠳᠣᠨ ᠵᠠᠮ ᠱᠤᠭᠤᠮ ᠢᠶᠠᠨ ᠲᠠᠨᠢᠯᠴᠠᠭᠤᠯᠪᠠ᠃ ᠬᠤᠲᠠ ᠶᠢᠨ ᠵᠠᠰᠠᠭ ᠤᠨ ᠣᠷᠳᠣᠨ ᠬᠢᠭᠡᠳ ᠠᠯᠠᠱᠠ ᠠᠶᠢᠮᠠᠭ ᠤᠨ ᠵᠠᠬᠢᠷᠭ᠎ᠠ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠢᠭᠡᠳ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠤ ᠬᠤᠷᠢᠶ᠎ᠠ᠂ ᠳᠤᠮᠳᠠᠳᠤ ᠤᠯᠤᠰ ᠤᠨ ᠰᠢᠯᠵᠢᠮᠡᠯ ᠮᠡᠳᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠦᠬᠠᠢ ᠶᠢᠨ ᠬᠤᠪᠢᠶᠠᠷᠢ ᠺᠣᠮᠫᠠᠨᠢ᠂ ᠰᠢᠶ᠋ᠧ ᠴᠧᠩ ᠵᠢᠭᠤᠯᠴᠢᠯᠠᠯ ᠤᠨ ᠰᠦᠯᠵᠢᠶ᠎ᠡ᠂ ᠰᠲ᠋ᠠᠺ ᠠᠵᠤ ᠦᠢᠯᠡᠳᠪᠦᠷᠢ ᠶᠢᠨ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠬᠤᠲᠠ ᠶᠢᠨ ᠵᠢᠭᠤᠯᠴᠢᠯᠠᠯ ᠤᠨ ᠨᠡᠶᠢᠭᠡᠮᠯᠢᠭ ᠪᠠᠶᠢᠭᠤᠯᠤᠭᠳᠠᠬᠤ ᠶᠣᠰᠣᠯᠠᠯ ᠢ ᠡᠷᠭᠢᠯᠡᠭᠰᠡᠨ ᠪᠥᠭᠡᠳ ᠰᠢᠨ᠎ᠡ ᠨᠢᠭᠡ ᠬᠤᠭᠤᠴᠠᠭᠠᠨ ᠤ ᠵᠢᠭᠤᠯᠴᠢᠯᠠᠯ ᠤᠨ ᠨᠡᠶᠢᠭᠡᠮᠯᠢᠭ ᠤᠨ ᠪᠦᠷᠢᠯᠳᠦᠭᠦᠨ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃      ᠲᠤᠬᠠᠢ ᠶᠢᠨ ᠡᠳᠦᠷ᠂ ᠬᠤᠷᠠᠯ ᠳᠤ ᠣᠷᠣᠯᠴᠠᠭᠰᠠᠨ ᠵᠣᠴᠢᠳ ᠪᠠᠰᠠ ᠮᠠᠨ ᠤ ᠬᠤᠲᠠ ᠶᠢᠨ ᠭᠤᠷᠪᠠᠨ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠤ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠤᠯᠴᠢᠯᠠᠨ ᠡᠷᠭᠢᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号