9 ᠰᠠᠷ᠎ᠠ ᠶᠢᠨ 25 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠨᠠᠷ ᠮᠠᠨ ᠤ ᠬᠤᠲᠠ ᠶᠢᠨ ᠲᠡᠷᠢᠭᠦᠨ ᠤ ᠨᠡᠶᠢᠲᠡᠯᠢᠭ | ᠵᠢᠱᠢᠶᠡᠴᠢ ᠶᠢ ᠪᠣᠯᠭᠤᠭᠠᠨ ᠲᠣᠬᠤᠨᠢᠭᠤᠯᠪᠠ᠃ | ᠥᠪᠥᠷ ᠮᠣᠩᠭᠤᠯ ᠤᠨ ︽ᠤᠮᠠᠷᠠᠲᠤ ᠬᠢᠯᠢ ᠶᠢᠨ ᠵᠢᠱᠢᠶᠡᠴᠢ︾ ᠶᠢᠨ ᠬᠠᠮᠲᠤ ᠶᠢᠨ ᠢᠷᠠᠭᠤ ᠠᠯᠳᠠᠷ ᠤᠨ ᠴᠣᠯᠠ | ᠭᠥᠷᠳᠡᠭᠰᠡᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠦᠬᠠᠶ ᠶᠢᠨ ᠴᠠᠬᠢᠯᠭᠠᠨ ᠬᠠᠩᠭᠠᠬᠤ | ᠺᠣᠮᠫᠠᠨᠢ ᠶᠢᠨ ᠴᠠᠬᠢᠯᠭᠠᠨ ᠬᠦᠷᠭᠡᠬᠦ ᠬᠠᠮᠢᠶᠠᠷᠤᠯᠲᠠ ᠶᠢᠨ ᠭᠠᠵᠠᠷ ᠲᠤ᠂ ᠮᠧᠩ ᠫᠸᠢ ᠶᠦᠨ ᠨᠠᠷ ᠺᠣᠮᠫᠠᠨᠢ ᠶᠢᠨ ᠲᠣᠨᠤᠭ | ᠲᠥᠬᠦᠭᠡᠷᠦᠮᠵᠢ᠂ ᠦᠢᠯᠡᠳᠪᠦᠷᠢᠯᠡᠯ ᠤᠨ ᠠᠵᠢᠯᠯᠠᠭᠠᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠵᠤ᠂ ᠲᠡᠳᠡᠨ ᠢ | ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠪᠠᠨ | ᠦᠷᠭᠦᠯᠵᠢᠯᠡᠨ ᠪᠠᠳᠠᠷᠠᠭᠤᠯᠵᠤ᠂ ᠴᠠᠬᠢᠯᠭᠠᠨ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠪᠠᠨ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ ︽ᠳᠤᠮᠳᠠᠳᠤ ᠤᠯᠤᠰ ᠤᠨ ᠰᠠᠶᠢᠨ ᠬᠥᠮᠦᠨ︾ | ᠰᠢᠩ ᡁᠢ ᠴᠢᠶᠠᠩ ᠤᠨ ᠬᠡᠷ ᠲᠤ᠂ ᠮᠧᠩ ᠫᠸᠢ ᠶᠦᠨ ᠲᠡᠭᠦᠨ ᠤ ᠬᠡᠷ ᠪᠦᠯᠢ ᠶᠢᠨ ᠪᠠᠶᠢᠳᠠᠯ ᠪᠠ ᠪᠡᠶ᠎ᠡ ᠮᠠᠬᠠᠪᠣᠳ ᠤᠨ | ᠪᠠᠶᠢᠳᠠᠯ ᠢ ᠨᠢ ᠨᠠᠷᠢᠨ ᠠᠰᠠᠭᠤᠵᠤ᠂ ᠲᠡᠭᠦᠨ ᠤ ᠡᠷᠬᠢᠮ ᠳᠡᠭᠡᠳᠦ ᠴᠢᠨᠠᠷ ᠴᠢᠨᠰᠠᠭ᠎ᠠ ᠪᠠ ᠬᠤᠪᠢ ᠬᠥᠮᠦᠨ ᠤ ᠦᠢᠯᠡ | ᠶᠠᠪᠤᠳᠠᠯ ᠢ ᠨᠢ ᠮᠠᠭᠲᠠᠨ ᠰᠠᠶᠢᠰᠢᠶᠠᠬᠤ ᠶᠢᠨ ᠬᠠᠮᠲᠤ ᠲᠡᠭᠦᠨ ᠢ ᠦᠷᠭᠦᠯᠵᠢᠯᠡᠨ ᠦᠯᠢᠭᠡᠷ ᠳᠠᠭᠤᠷᠢᠶᠠᠯ ᠤᠨ ᠵᠢᠱᠢᠶ᠎ᠡ | ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ | ᠳᠠᠶᠢᠴᠢᠯᠠᠵᠤ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠢᠳᠡᠪᠬᠢ ᠬᠦᠴᠦᠨ ᠢ ᠤᠯᠠᠮ ᠨᠢᠭᠡ ᠠᠯᠬᠤᠮ | ᠳᠠᠮᠵᠢᠭᠤᠯᠬᠤ ᠶᠢ ᠵᠣᠷᠢᠭᠵᠢᠭᠤᠯᠪᠠ᠃ ︽ᠥᠪᠥᠷ ᠮᠣᠩᠭᠤᠯ ᠤᠨ ᠰᠠᠶᠢᠨ ᠬᠥᠮᠦᠨ︾ ᠰᠢᠶᠤᠤ ᠵᠢᠶᠠᠨ ᠤ ᠬᠡᠷ ᠲᠤ᠂ ᠮᠧᠩ | ᠫᠸᠢ ᠶᠦᠨ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠬᠡᠷ ᠤᠨ ᠬᠥᠮᠦᠰ ᠤᠨ ᠪᠡᠶ᠎ᠡ ᠮᠠᠬᠠᠪᠣᠳ᠂ ᠠᠵᠢᠯ | ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠲᠡᠭᠦᠨ ᠢ ᠶᠣᠰᠣ ᠰᠤᠷᠲᠠᠬᠤᠨ ᠤ ᠵᠢᠱᠢᠶᠡᠴᠢ ᠶᠢᠨ ᠵᠣᠷᠢᠭ | ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠲᠠ ᠶᠢᠨ ᠬᠥᠮᠦᠨ ᠪᠦᠬᠦᠨ | ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠮᠡᠷᠭᠡᠳ ᠠᠴᠠ ᠲᠠᠭᠠᠨ ᠰᠤᠷᠤᠯᠴᠠᠵᠤ ᠪᠡᠶ᠎ᠡ ᠪᠠᠨ | ᠵᠠᠰᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠳᠤ ᠬᠦᠴᠦᠨ ᠨᠡᠮᠡᠷᠢᠯᠡᠬᠦ ᠶᠢ | ᠵᠣᠷᠢᠭᠵᠢᠭᠤᠯᠪᠠ᠃ |