9 ᠰᠠᠷ᠎ᠠ ᠶᠢᠨ 25 ᠤ ᠡᠳᠦᠷ᠂ ︽ᠰᠢᠨ᠎ᠡ ᠳᠤᠮᠳᠠᠳᠤ ᠤᠯᠤᠰ ᠲᠤ ᠮᠠᠭᠳᠠᠭᠠᠯ ᠲᠡᠪᠰᠢᠬᠦᠯᠵᠦ ᠰᠢᠨ᠎ᠡ | ᠠᠶᠠᠨ ᠳᠤ ᠡᠷᠡᠯᠬᠡᠭᠯᠡᠨ ᠤᠷᠤᠭᠰᠢᠯᠠᠶ᠎ᠠ︾ 2024 ᠣᠨ ᠤ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠠᠵᠢᠯᠲᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠶᠠᠪᠤᠭᠳᠠᠵᠤ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠯᠢ ᠴᠦᠨ ᠰᠢᠶᠤᠤ ᠬᠤᠷᠠᠯ ᠳᠤ ᠣᠷᠣᠯᠴᠠᠭᠰᠠᠨ ᠪᠥᠭᠡᠳ | ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ | ᠪᠡᠶ᠎ᠡ ᠶᠢᠨ ᠲᠠᠮᠢᠷ ᠤᠨ ᠴᠤᠭᠯᠠᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠲᠥᠯᠥᠭᠡᠯᠡᠭᠴᠢᠳ ᠤᠨ ᠠᠩᠭᠢ ᠶᠢᠨ | ᠲᠠᠮᠢᠷᠴᠢᠳ ᠮᠥᠷᠯᠡᠨ ᠵᠢᠭᠰᠠᠵᠤ᠂ ᠴᠤᠭ ᠵᠢᠪᠬᠤᠭ᠎ᠠ ᠪᠠᠳᠠᠷᠠᠩᠭᠤᠶ ᠪᠠᠶᠢᠯ᠎ᠠ᠃ ᠱᠦᠭᠯᠦ ᠶᠢᠨ ᠳᠠᠭᠤᠨ ᠤ ᠳᠠᠭᠠᠤ ᠡᠯ᠎ᠡ | ᠲᠥᠷᠥᠯ ᠤᠨ ᠤᠷᠤᠯᠳᠤᠭᠠᠨ ᠡᠬᠢᠯᠡᠪᠡ᠃ ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠣᠷᠭᠢᠯᠤᠮ᠎ᠠ ᠬᠠᠯᠠᠭᠤᠨ | ᠰᠡᠳᠬᠢᠯᠭᠡ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠡᠯ᠎ᠡ ᠵᠦᠢᠯ ᠤᠨ ᠤᠷᠤᠯᠳᠤᠭᠠᠨ ᠳᠤ ᠣᠷᠣᠯᠴᠠᠵᠤ᠂ | ᠮᠠᠨ ᠤ ᠬᠤᠲᠠ ᠶᠢᠨ ᠺᠠᠳ᠋ᠷ ᠠᠵᠢᠯᠲᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ | ᠪᠠᠶᠢᠳᠠᠯ ᠢ ᠭᠦᠢᠴᠡᠳ ᠢᠯᠡᠷᠡᠭᠦᠯᠪᠡ᠃ | ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠬᠤᠲᠠ ᠶᠢᠨ ᠨᠠᠮ ᠤᠨ ᠬᠤᠷᠢᠶᠠᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠪᠣᠯᠤᠨ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ | ᠡᠷᠭᠢᠯᠡᠵᠦ᠂ ᠤᠷᠤᠯᠳᠤᠭᠠᠨ ᠳᠤ ᠳᠡᠭᠡᠰᠦ ᠲᠠᠲᠠᠬᠤ᠂ ᠪᠠᠶᠠᠷ ᠬᠥᠷ ᠲᠠᠢ ᠬᠥᠯ ᠪᠥᠮᠪᠦᠭᠡ᠂ ᠬᠠᠮᠲᠤ ᠶᠢᠨ ᠳᠡᠭᠡᠰᠦ | ᠦᠰᠦᠷᠬᠦ ᠵᠡᠷᠭᠡ 10 ᠲᠥᠷᠥᠯ ᠵᠦᠢᠯ ᠢ ᠲᠣᠬᠢᠷᠠᠭᠤᠯᠵᠤ᠂ ᠨᠡᠶᠢᠲᠡ 68 ᠨᠢᠭᠡᠴᠡ ᠶᠢᠨ 1800 ᠭᠠᠷᠤᠶ ᠺᠠᠳ᠋ᠷ | ᠠᠵᠢᠯᠲᠠᠨ ᠣᠷᠣᠯᠴᠠᠵᠤ᠂ ᠣᠷᠣᠯᠴᠠᠭᠰᠠᠨ ᠬᠡᠪᠴᠢᠶ᠎ᠡ᠂ ᠣᠷᠣᠯᠴᠠᠭᠰᠠᠨ ᠬᠥᠮᠦᠨ ᠤ ᠲᠤᠭ᠎ᠠ ᠨᠢ ᠴᠥᠮ ᠥᠩᠭᠡᠷᠡᠭᠰᠡᠨ | ᠵᠢᠯ ᠤᠳ ᠠᠴᠠ ᠳᠠᠪᠠᠭᠰᠠᠨ ᠪᠠᠶᠢᠨ᠎ᠠ᠃ | ᠡᠨᠡ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠰᠡᠨ ᠨᠢ ᠪᠠᠶᠢᠭᠤᠯᠭ᠎ᠠ ᠶᠢᠨ ᠺᠠᠳ᠋ᠷ ᠠᠵᠢᠯᠲᠠᠨ | ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠤᠯᠠᠮ ᠨᠢᠭᠡ ᠠᠯᠬᠤᠮ ᠬᠥᠭᠵᠢᠶᠡᠨᠲᠡᠶ ᠪᠥᠭᠡᠳ ᠪᠠᠶᠠᠯᠢᠭᠵᠢᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠣᠢ ᠶᠢ ᠤᠭᠲᠤᠪᠠ᠃ |