【ᠲᠤᠭ᠎ᠠ ᠪᠦᠷᠢᠳᠭᠡᠯ】1 ᠠᠴᠠ 8 ᠰᠠᠷ᠎ᠠ ᠪᠣᠯᠲᠠᠯ᠎ᠠ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/9/26
     ᠡᠨᠡ ᠵᠢᠯ ᠠᠴᠠ ᠨᠠᠰᠢ᠂ ᠮᠠᠨ ᠤ ᠬᠤᠲᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠪᠡ᠃ 1 ᠠᠴᠠ 8 ᠰᠠᠷ᠎ᠠ ᠪᠣᠯᠲᠠᠯ᠎ᠠ᠂ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠳᠤ ᠰᠠᠶᠢᠨ ᠪᠠᠶᠢᠳᠠᠯ ᠢᠯᠡᠷᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ᠃      ᠦᠬᠠᠶ ᠶᠢᠨ ᠾᠸᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠠᠵᠢᠯᠴᠢᠳ ᠶᠠᠭ ᠨᠡᠭᠦᠷᠡᠰᠦᠨ ᠬᠠᠷ᠎ᠠ ᠶᠢᠨ ᠪᠦᠲᠦᠭᠡᠭᠳᠡᠬᠦᠨ ᠢ ᠪᠠᠭᠯᠠᠵᠤ᠂ ᠲᠡᠷᠭᠡᠨ ᠳᠤ ᠲᠡᠭᠡᠭᠡᠵᠦ᠂ ᠦᠢᠯᠡᠳᠪᠦᠷᠢ ᠶᠢᠨ ᠲᠣᠭᠤᠷᠢᠭ ᠤᠨ ᠳᠣᠲᠣᠷᠠᠬᠢ ᠲᠡᠭᠡᠭᠡᠪᠦᠷᠢ ᠶᠢᠨ ᠲᠡᠷᠭᠡ ᠨᠠᠭᠠᠰᠢ ᠴᠠᠭᠠᠰᠢ ᠰᠦᠯᠵᠢᠯᠲᠤᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠮᠬᠢ ᠳᠢᠭᠯᠢᠮ ᠲᠠᠢ ᠪᠠᠶᠢᠨ᠎ᠠ᠃      ︽ᠡᠨᠡ ᠵᠢᠯ ᠤᠨ 1 ᠠᠴᠠ 8 ᠳ᠋ᠤᠭᠠᠷ ᠰᠠᠷ᠎ᠠ ᠪᠣᠯᠲᠠᠯ᠎ᠠ᠂ ᠺᠣᠮᠫᠠᠨᠢ ᠶᠢᠨ ᠡᠵᠡᠩᠨᠡᠯᠲᠡ ᠶᠢᠨ ᠣᠷᠣᠯᠭ᠎ᠠ 12.8 ᠳ᠋ᠦᠩᠰᠢᠭᠤᠷ ᠲᠥᠭᠦᠷᠢᠭ ᠲᠤ ᠬᠦᠷᠴᠦ᠂ ᠨᠡᠭᠦᠷᠡᠰᠦᠨ ᠬᠠᠷ᠎ᠠ ᠵᠢᠴᠢ ᠨᠡᠭᠦᠷᠡᠰᠦᠨ ᠬᠦ᠋ ᠶᠢ 11 ᠲᠦᠮᠡᠨ ᠲᠣᠨ ᠦᠢᠯᠡᠳᠪᠦᠷᠢᠯᠡᠵᠦ᠂ 20% ᠶᠢᠨ ᠨᠡᠭᠦᠷᠡᠰᠦᠨ ᠬᠠᠷ᠎ᠠ ᠶᠢ ᠲᠠᠢ ᠤᠯᠤᠰ᠂ ᠢᠨᠳᠣᠨᠧᠰᠢᠶ᠎ᠠ᠂ ᠠᠮᠧᠷᠢᠺᠠ ᠵᠡᠷᠭᠡ ᠭᠠᠵᠠᠷ ᠲᠤ ᠪᠤᠷᠤᠯᠠᠭᠤᠯᠪᠠ︾ ᠬᠡᠵᠦ ᠦᠬᠠᠶ ᠶᠢᠨ ᠾᠸᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᡁᠢ ᠭᠤᠸᠠᠩ ᠬᠡᠯᠡᠪᠡ᠃ ᠡᠨᠡ ᠵᠢᠯ ᠠᠴᠠ ᠨᠠᠰᠢ᠂ ᠦᠬᠠᠶ ᠶᠢᠨ ᠾᠸᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠦᠷᠭᠦᠯᠵᠢᠯᠡᠨ ︽ᠬᠡᠯᠬᠢᠶ᠎ᠡ︾ ᠳᠡᠭᠡᠷ᠎ᠡ ᠬᠦᠴᠦᠯᠡᠵᠦ᠂ ᠰᠢᠨ᠎ᠡ ᠪᠠᠷ ᠰᠢᠯᠢᠳᠡᠭ ᠢ ᠡᠯᠰᠡᠵᠦ᠂ ᠣᠲᠣ ᠶᠢᠨ ᠪᠠᠶᠢᠭ᠎ᠠ ᠠᠵᠤ ᠦᠢᠯᠡᠰ ᠢᠶᠠᠨ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠶᠢᠨ ᠬᠠᠮᠲᠤ᠂ ᠰᠢᠨ᠎ᠡ ᠮᠠᠲ᠋ᠧᠷᠢᠶᠠᠯ ᠤᠨ ᠬᠡᠰᠡᠭ ᠢ ᠨᠡᠭᠡᠭᠡᠵᠦ᠂ ᠹᠧᠨᠤᠯ ᠠᠯᠳᠧᠭᠢᠳ᠋ ᠤᠨ ᠲᠠᠪᠠᠷᠬᠠᠢ ᠶᠢᠨ ᠲᠥᠷᠥᠯ ᠵᠦᠢᠯ ᠢ ᠡᠬᠢᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃      ᠡᠨᠡ ᠵᠢᠯ ᠠᠴᠠ ᠨᠠᠰᠢ᠂ ᠮᠠᠨ ᠤ ᠬᠤᠲᠠ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠰ ᠤᠨ ᠪᠦᠲᠦᠴᠡ  ᠪᠠᠨ ᠲᠦᠷᠭᠡᠳᠬᠡᠨ ᠲᠣᠬᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠥᠬᠡᠶ ᠳᠤᠮᠳᠠ ᠳᠡᠭᠡᠳᠦ ᠲᠠᠰ ᠳᠠᠰᠢ ᠤᠷᠲᠤᠳᠬᠠᠬᠤ ᠶᠢ ᠠᠬᠢᠭᠤᠯᠵᠤ᠂ ᠣᠯᠠᠨ ᠡᠰᠢᠵᠢᠨ ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ 1 ᠠᠴᠠ 8 ᠰᠠᠷ᠎ᠠ ᠪᠣᠯᠲᠠᠯ᠎ᠠ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ︔ ᠦᠢᠯᠡᠳᠭᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.7% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号