ᠲᠡᠦᠭᠡᠨ ᠣᠯᠠᠷᠢᠯ ︵ᠠᠷᠪᠠᠨ ᠳᠣᠯᠤᠭ᠎ᠠ︶
ᠨᠡᠶᠢᠲᠡᠯᠡᠭᠰᠡᠨ ᠴᠠᠭ᠄
2024/9/26
ᠲᠡᠦᠭᠡᠨ ᠣᠯᠠᠷᠢᠯ ︵ᠠᠷᠪᠠᠨ ᠳᠣᠯᠤᠭ᠎ᠠ︶        2000 ᠤᠨ      1 ᠰᠠᠷ᠎ᠠ ᠶᠢᠨ 1 ᠤ ᠡᠳᠦᠷ᠂ ᠦᠬᠠᠢ ᠬᠤᠳᠠ ᠠᠴᠠ ︽ᠦᠬᠠᠢ ᠬᠤᠳᠠ ᠶᠢᠨ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠦᠨᠳᠦᠰᠦᠨ ᠡᠮᠨᠡᠯᠭᠡ ᠶᠢᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠬᠡᠷᠡᠭᠵᠢᠭᠦᠯᠭᠦ ᠲᠦᠰᠦᠯ︾ ᠪᠤᠯᠤᠨ ︽ᠦᠬᠠᠢ ᠬᠤᠳᠠ ᠶᠢᠨ ᠬᠤᠳᠠ ᠪᠠᠯᠭᠠᠰᠤᠨ ᠤ ᠠ᠊‍ᠵᠢᠯᠳᠠᠨ ᠠᠵᠢᠯᠴᠢᠨ ᠤ ᠦᠨᠳᠦᠰᠦᠨ ᠡᠮᠨᠡᠯᠭᠡ ᠶᠢᠨ ᠲᠠᠭᠠᠳᠬᠠᠯ ᠤᠨ ᠲᠦᠷᠢᠮ ᠢ ᠲᠦᠷ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠵᠠᠢ᠃ ︽ᠲᠦᠷ ᠬᠡᠷᠡᠭᠵᠢᠭᠦᠯᠬᠦ ᠠᠷᠭ᠎ᠠ︾ ᠳᠤ᠂ ᠦᠨᠳᠦᠰᠦᠨ ᠡᠮᠨᠡᠯᠭᠡ ᠶᠢᠨ ᠲᠠᠭᠠᠳᠬᠠᠯ ᠤᠨ ᠲᠦᠷᠢᠮ ᠢ ᠬᠡᠷᠡᠭᠵᠢᠭᠦᠯᠬᠦ ᠬᠡᠪᠴᠢᠶ᠎ᠡ᠂ ᠲᠡᠰ ᠲᠠᠷᠠᠭ᠎ᠠ ᠶᠢ ᠨᠢᠭᠡᠳᠦᠯᠲᠡᠢ ᠲᠥᠯᠥᠪᠯᠡᠨ᠂ ᠲᠤᠬᠠᠢ ᠶᠢᠨ ᠭᠠᠵᠠᠷ ᠤᠷᠤᠨ ᠳᠤ ᠨᠢ ᠬᠠᠮᠢᠶᠠᠷᠠᠭᠤᠯᠬᠤ᠂ ᠰᠦᠢᠳᠬᠡᠯ ᠲᠤᠰᠢᠶᠠᠬᠤ ᠬᠠᠷᠢᠴᠠᠯ᠂ ᠬᠤᠪᠢ ᠬᠦᠮᠦᠨ ᠤ ᠲᠠᠩᠰᠠ᠂ ᠰᠠᠭᠤᠷᠢ ᠮᠦᠩᠭᠦ ᠶᠢ ᠨᠢᠭᠡᠳᠦᠯᠲᠡᠢ ᠲᠦᠯᠦᠪᠯᠡᠬᠦ ᠬᠢᠭᠡᠳ ᠬᠤᠪᠢ ᠬᠦᠮᠦᠨ ᠤ ᠲᠠᠩᠰᠠᠨ ᠳᠤ ᠮᠦᠩᠭᠦ ᠤᠷᠤᠭᠤᠯᠬᠤ ᠬᠦᠷᠢᠶ᠎ᠡ ᠴᠠᠷ᠎ᠠ᠂ ᠮᠦᠩᠭᠦ ᠡᠬᠢᠯᠡᠵᠦ ᠤᠷᠤᠭᠤᠯᠬᠤ ᠪᠠᠷᠢᠮᠵᠢᠶ᠎ᠡ ᠬᠢᠭᠡᠳ ᠬᠢᠵᠠᠭᠠᠷᠳᠤ ᠲᠤᠭ᠎ᠠ᠂ ᠰᠠᠭᠤᠷᠢ ᠮᠦᠩᠭᠦᠨ ᠤ ᠬᠠᠮᠢᠶᠠᠷᠤᠯᠳᠠ ᠵᠡᠷᠭᠡ ᠳᠤ ᠪᠤᠳᠠᠳᠠᠢ ᠲᠤᠭᠳᠠᠭᠠᠯ ᠭᠠᠷᠭᠠᠵᠠᠢ᠃      1 ᠰᠠᠷ᠎ᠠ ᠶᠢᠨ 4 ᠤ ᠡᠳᠦᠷ᠂ ᠦᠬᠠᠢ ᠬᠤᠳᠠ ᠶᠢᠨ ᠠᠷᠠᠳ ᠠᠴᠠ ᠡᠷᠭᠢᠯᠡᠭᠰᠡᠨ ᠠᠩᠬᠠᠨ ᠤ ᠲᠡᠷᠢᠶᠠᠯᠠᠩ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ— ᠲᠠᠷᠢᠶᠠᠴᠢᠨ ᠠᠶᠢᠯ ᠤᠨ ᠪᠠᠶᠠᠰᠤᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠺᠤᠮᠫᠠᠨᠢ ᠨᠢ ᠤᠳᠠ ᠲᠤᠭᠤᠷᠢᠭ ᠤᠨ ᠬᠦᠭᠦᠷᠭᠡ ᠶᠢᠨ ᠪᠠᠷᠠᠭᠤᠨᠳᠡᠬᠢ ᠪᠠᠯᠭᠠᠰᠤᠨ ᠳᠤ ᠪᠠᠶᠢᠭᠤᠯᠤᠭᠳᠠᠪᠠ᠃      1 ᠰᠠᠷ᠎ᠠ ᠶᠢᠨ 15 ᠤ ᠡᠳᠦᠷ᠂ ᠦᠬᠠᠢ ᠬᠤᠳᠠ ᠶᠢᠨ ᠨᠡᠭᠦᠷᠡᠰᠦᠨ ᠬᠡᠢ ᠶᠢᠨ ᠢᠨᠵᠧᠨᠧᠷᠢᠩ ᠡᠷᠦᠭᠡ ᠳᠤ ᠨᠡᠪᠳᠡᠷᠡᠪᠡ᠃      1 ᠰᠠᠷ᠎ᠠ‌‍ᠶᠢᠨ16 ᠤ ᠡᠳᠦᠷ᠂ ᠬᠠᠶᠢᠷᠤᠪ‌‍ᠤᠨ ᠲᠤᠬᠤᠢ‌‍ᠶᠢᠨ ᠠᠭᠤᠷᠬᠠᠢ‌‍ᠶᠢᠨ ᠶᠠᠪᠤᠳᠠᠯ‌‍ᠤᠨ ᠲᠤᠪᠴᠢᠶᠠᠨ‌‍ᠤ ᠬᠦᠨ ᠤᠰᠤ‌‍ᠶᠢᠨ ᠨᠡᠭᠦᠷᠡᠰᠦ ᠤᠬᠢᠶᠠᠬᠤ ᠦᠢᠯᠡᠳᠪᠦᠷᠢ ᠨᠢ ᠲᠤᠷᠰᠢᠨ ᠦᠢᠯᠡᠳᠪᠦᠷᠢᠯᠡᠵᠦ ᠠᠰᠢᠭᠯᠠᠯᠳᠠ ᠳᠤ ᠤᠷᠤᠪᠠ᠃      △  ᠦᠬᠠᠢ ᠬᠤᠳᠠ ᠶᠢᠨ ᠨᠡᠭᠦᠳᠡᠯ ᠬᠤᠯᠪᠤᠭᠠᠨ ᠤ ᠺᠤᠮᠫᠠᠨᠢ ᠶᠢᠨ ᠶᠡᠷᠦᠩᠭᠡᠶᠢᠯᠡᠭᠰᠡᠨ ᠡᠵᠡᠩᠨᠡᠯᠳᠡ ᠶᠢᠨ ᠲᠢᠩᠭᠢᠮ᠂ ᠲᠠᠷᠦᠢ᠂ ᠪᠦᠬᠦ ᠪᠦᠮᠪᠦᠷᠴᠡᠭ ᠲᠤ ᠨᠡᠪᠳᠡᠷᠡᠬᠦ ᠬᠤᠳᠠᠯᠳᠤᠭᠠᠨ ᠤ ᠬᠤᠳᠠ ᠶᠢᠨ ᠡᠵᠡᠩᠨᠡᠯᠳᠡ ᠶᠢᠨ ᠲᠢᠩᠭᠢᠮ ᠫᠠᠶᠢᠰᠠ ᠡᠯᠬᠦᠨ ᠡᠵᠡᠩᠨᠡᠪᠡ᠃      2 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠦᠢᠯᠡᠴᠢᠯᠡᠭᠡᠨ ᠤ ᠺᠤᠮᠫᠠᠨᠢ ᠠᠰᠢᠭᠯᠠᠯᠳᠠ ᠳᠤ ᠤᠷᠤᠵᠤ᠂ ᠲᠤᠰ ᠡᠳᠤᠷ ᠠᠴᠠ ᠡᠬᠢᠯᠡᠨ ᠠᠵᠢᠯᠠᠯᠪᠠ᠃      2 ᠰᠠᠷ᠎ᠠ ᠶᠢᠨ 28~ 3 ᠰᠠᠷ᠎ᠠ ᠶᠢᠨ 3 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠬᠡᠰᠢᠭᠦᠳ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠶᠤᠸᠠᠨ ᠱᠤᠤ ᠴᠢᠨ ᠪᠠᠶᠢᠩᠭᠤ ᠶᠢᠨ ᠬᠡᠰᠢᠭᠦᠳ ᠤᠨ ᠵᠦᠪᠯᠡᠯ ᠤᠨ ᠠᠵᠢᠯ ᠤᠨ ᠮᠡᠳᠡᠭᠦᠯᠦᠯᠳᠡ ᠬᠢᠵᠦ᠂ ᠲᠡᠳ᠋ ᠲᠡᠷᠢᠭᠦᠯᠡᠭᠴᠢ ᠬᠤ᠋ ᠶᠠᠨ ᠯᠢ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠬᠢᠵᠡᠢ᠃      2 ᠰᠠᠷ᠎ᠠ ᠶᠢᠨ 29~ 3 ᠰᠠᠷ᠎ᠠ ᠶᠢᠨ 4 ᠤ ᠡᠳᠦᠷ᠂ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠠᠰᠪᠠᠭᠠᠨ᠎ᠠ ᠶᠢ ᠦᠬᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠵᠦᠪᠯᠡᠯ ᠤᠨ ᠡᠷᠭᠢᠯᠡᠭᠴᠢ ᠪᠠᠷ ᠨᠦᠬᠦᠨ ᠰᠤᠩᠭᠤᠵᠠᠢ᠃      4 ᠰᠠᠷ᠎ᠠ ᠶᠢᠨ 19 ᠤ ᠡᠳᠦᠷ᠂ ᠦᠬᠠᠢ ᠬᠤᠳᠠ ᠶᠢᠨ ᠪᠠᠷᠠᠭᠤᠨ ᠤᠷᠤᠨ ᠢ ᠨᠡᠭᠡᠭᠡᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠤᠳᠤᠷᠢᠳᠬᠤ ᠲᠤᠭᠤᠶᠢᠯᠠᠩ ᠪᠠᠶᠢᠭᠤᠯᠤᠭᠳᠠᠪᠠ᠃      4 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠬᠤᠳᠠ ᠲᠤᠭᠤᠷᠢᠭ ᠤᠨ ᠭᠤᠤᠯ ᠪᠤᠯᠬᠤ ᠵᠡᠭᠡᠯᠢ ᠭᠤᠳᠤᠮᠵᠢ ᠶᠢ ᠰᠤᠯᠤᠩᠭᠠᠨ ᠳ᠋ᠧᠩ ᠢᠶᠠᠷ ᠭᠡᠷᠡᠯᠳᠦᠭᠦᠯᠬᠦ ᠢᠨᠵᠧᠨᠧᠷᠢᠩ ᠪᠦᠬᠦ ᠲᠠᠯ᠎ᠠ ᠪᠠᠷ ᠡᠬᠢᠯᠡᠬᠦᠯᠵᠡᠢ᠃      5 ᠰᠠᠷ᠎ᠠ ᠶᠢᠨ 10 ᠤ ᠡᠳᠦᠷ᠂ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠪᠡᠭᠡᠵᠢᠩ ᠤᠨ ᠲᠡᠭᠡᠳᠦ ᠰᠢᠨ᠎ᠡ ᠮᠡᠷᠭᠡᠵᠢᠯ ᠤᠨ ᠦᠢᠯᠡᠳᠭᠦᠨ ᠤ ᠤᠯᠠᠨ ᠤᠯᠤᠰ ᠤᠨ ᠬᠡᠯᠡᠯᠴᠡᠭᠡᠷ ᠤᠨ ᠬᠤᠷᠠᠯ ᠲᠡᠭᠡᠷ᠎ᠡ ᠤᠳᠠ ᠲᠤᠭᠤᠷᠢᠭ᠂ ᠠᠮᠧᠷᠢᠺᠠ ᠶᠢᠨ STP ᠬᠠᠷᠢᠭᠤᠴᠠᠯᠭᠠᠳᠤ ᠬᠢᠵᠠᠭᠠᠷᠳᠤ ᠺᠤᠮᠫᠠᠨᠢ ᠲᠠᠢ 1000 ᠲᠦᠮᠡᠨ ᠳ᠋ᠤᠯᠯᠠᠷ ᠵᠤᠭᠤᠰ ᠤᠨ ᠪᠡᠯᠡ ᠤᠷᠤᠭᠤᠯᠵᠤ᠂ 2— ᠠᠮᠢᠨᠤ᠋ ᠫᠢᠷᠢᠳᠢᠨ ᠢ ᠦᠢᠯᠡᠳᠪᠦᠷᠢᠯᠡᠬᠦ ᠲᠦᠷᠦᠯ ᠵᠦᠢᠯ ᠢ ᠪᠠᠶᠢᠭᠤᠯᠬᠤ ᠬᠡᠯᠡᠯᠴᠡᠭᠡᠷ ᠲᠤᠭᠳᠠᠵᠠᠢ᠂ ᠡᠨᠡᠬᠦ ᠲᠦᠷᠦᠯ ᠵᠦᠢᠯ ᠳᠤ ᠠᠮᠧᠷᠢᠺᠠ ᠶᠢᠨ ᠭᠠᠭᠴᠠ ᠲᠠᠯ᠎ᠠ ᠠᠴᠠ ᠪᠦᠬᠦ ᠪᠡᠯᠡ ᠤᠷᠤᠭᠤᠯᠵᠤ᠂ ᠪᠠᠶᠢᠭᠤᠯᠤᠭᠰᠠᠨ ᠤ ᠴᠠᠭᠠᠳᠤ ᠵᠢᠯ ᠨᠢ 2— ᠠᠮᠢᠨᠤ᠋ ᠫᠢᠷᠢᠳᠢᠨ ᠢ 5000 ᠲᠤᠨ ᠦᠢᠯᠡᠳᠪᠦᠷᠢᠯᠡᠵᠦ᠂ ᠪᠦᠬᠦ ᠪᠦᠳᠦᠭᠡᠭᠳᠡᠭᠦᠨ ᠢ ᠠᠮᠧᠷᠢᠺᠠ ᠳᠤ ᠪᠤᠷᠤᠯᠠᠭᠤᠯᠵᠤ᠂ ᠵᠢᠯ ᠤᠨ ᠤᠷᠤᠯᠭ᠎ᠠ 5000 ᠲᠦᠮᠡᠨ ᠳ᠋ᠤᠯᠯᠠᠷ ᠲᠤ ᠬᠦᠷᠴᠡᠢ᠃      5 ᠰᠠᠷ᠎ᠠ ᠶᠢᠨ 28 ᠡᠳᠦᠷ᠂ ᠬᠠᠶᠢᠨᠠᠨ ᠲᠤᠭᠤᠷᠢᠭ ᠤᠨ ᠬᠦᠨ ᠣᠰᠣ ᠪᠠᠯᠭᠠᠰᠤ ᠫᠠᠶᠢᠰᠠ ᠡᠯᠬᠦᠨ ᠪᠠᠶᠢᠭᠤᠯᠤᠭᠳᠠᠪᠠ᠃ ᠪᠠᠯᠭᠠᠰᠤᠨ ᠤ ᠪᠦᠬᠦ ᠲᠠᠯᠠᠪᠠᠢ ᠨᠢ 35 ᠲᠡᠭᠰᠢ ᠲᠦᠷᠪᠡᠯᠵᠢᠨ ᠺᠢᠯᠦᠮᠧᠲᠷ ᠪᠠᠶᠢᠵᠤ᠂ 3 ᠲᠦᠮᠡ ᠤᠷᠴᠢᠮ ᠬᠦᠮᠦᠨ ᠠᠮᠠ ᠲᠠᠢ᠂ ᠬᠠᠶᠢᠷᠤᠪ ᠤᠨ ᠲᠤᠬᠤᠢ ᠠᠭᠤᠷᠬᠠᠢ ᠶᠢᠨ ᠶᠠᠪᠤᠳᠠᠯ ᠤᠨ ᠲᠣᠪᠴᠢᠶᠠᠨ ᠤ ᠬᠦᠨ ᠤᠰᠤ ᠨᠡᠭᠦᠷᠡᠰᠦᠨ ᠠᠭᠤᠷᠬᠠᠢ᠂ ᠵᠠᠳᠠᠭᠠᠢ ᠨᠡᠭᠦᠷᠡᠰᠦᠨ ᠠᠭᠤᠷᠬᠠᠢ᠂ ᠶᠡᠷᠦᠩᠭᠡᠢ ᠮᠠᠰᠢᠨ ᠤ ᠦᠢᠯᠡᠳᠪᠦᠷᠢ ᠵᠡᠷᠭᠡ ᠲᠤᠮᠤ ᠲᠤᠮᠳᠠ ᠵᠡᠷᠭᠡ ᠶᠢᠨ ᠠᠵᠤ ᠠᠬᠤᠶᠢᠯᠠᠯ ᠲᠠᠢ᠃      5 ᠰᠠᠷ᠎ᠠ ᠶᠢᠨ 31 ᠤ ᠡᠳᠦᠷ᠂ ᠤᠯᠤᠰ ᠤᠨ ᠭᠤᠤᠯᠳᠠᠯᠭᠠᠳᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ— ᠪᠤᠤ ᠯᠠᠨ ᠲᠡᠮᠦᠷ ᠵᠠᠮ ᠤᠨ ᠰᠠᠯᠪᠤᠷᠢ ᠱᠤᠭᠤᠮ ᠰᠠᠨ ᠳ᠋ᠤᠤ ᠺᠠᠨ ᠬᠠᠳᠤᠨ ᠭᠤᠤᠯ ᠤᠨ ᠲᠤᠮᠤ ᠬᠦᠬᠦᠷᠭᠡ  ᠶᠢᠨ ᠭᠤᠤᠯ ᠪᠠᠷᠢᠯᠭ᠎ᠠ ᠬᠤᠶᠠᠷ ᠲᠠᠯ᠎ᠠ ᠠᠴᠠ ᠪᠠᠨ ᠨᠡᠶᠢᠯᠡᠵᠡᠢ᠂ ᠲᠤᠰ ᠬᠦᠬᠦᠷᠭᠡ ᠨᠡᠶᠢᠳᠡ 8 000 ᠲᠦᠮᠡᠨ ᠲᠦᠭᠦᠷᠢᠭ ᠪᠡᠯᠡ ᠤᠷᠤᠭᠤᠯᠵᠦ᠂ ᠪᠦᠬᠦ ᠤᠷᠳᠤ ᠨᠢ 615.83 ᠮᠧᠲᠷ᠂ ᠭᠤᠤᠯ ᠰᠤᠨᠳᠠᠯᠠᠭᠰᠠᠨ ᠭᠡᠰᠡᠭ ᠨᠢ ᠲᠡᠮᠦᠷ ᠪᠧᠲ᠋ᠣᠨ ᠢᠶᠠᠷ ᠮᠠᠳᠠᠮᠠᠯ ᠨᠢᠷᠤᠭᠤ ᠴᠢᠳᠬᠤᠵᠤ ᠭᠠᠷᠭᠠᠭᠰᠠᠨ ᠪᠦᠳᠦᠴᠡ ᠲᠠᠢ᠃ 1998 ᠤᠨ ᠤ 4 ᠰᠠᠷ᠎ᠠ ᠳᠤ ᠪᠠᠷᠢᠯᠭ᠎ᠠ ᠡᠬᠢᠯᠡᠬᠦᠯᠵᠦ᠂ 2000 ᠤᠨ ᠤ 8 ᠰᠠᠷ᠎ᠠ ᠳᠤ ᠲᠠᠭᠤᠰᠬᠠᠵᠤ᠂ ᠪᠤᠤ ᠯᠠᠨ ᠱᠤᠭᠤᠮ ᠤᠨ ᠰᠠᠯᠪᠤᠷᠢ ᠱᠤᠭᠤᠮ ᠪᠦᠭᠦᠳᠡᠭᠡᠷ ᠢᠶᠠᠨ ᠨᠡᠪᠳᠡᠷᠡᠵᠡᠢ᠃      6 ᠰᠠᠷ᠎ᠠ ᠶᠢᠨ 9 ᠤ ᠡᠳᠦᠷ᠂ ᠦᠬᠠᠢ ᠬᠤᠳᠠ ᠶᠢᠨ ᠬᠤᠤᠷ ᠦᠭᠡᠶᠢᠵᠢᠭᠦᠯᠬᠦ ᠦᠵᠦᠮ ᠤᠨ ᠡᠬᠦᠯᠳᠡᠷ ᠤᠨ ᠲᠤᠷᠰᠢᠯᠳᠠ ᠶᠢᠨ ᠰᠡᠳᠦᠪ ᠤᠨ ᠲᠤᠭᠤᠶᠢᠯᠠᠩ ᠤᠯᠤᠰ ᠤᠨ ᠭᠤᠷᠪᠠᠨ ᠤᠮᠠᠷᠠᠳᠤ ᠶᠢᠨ ᠲᠤᠪᠴᠢᠶᠠᠨ ᠤ ᠰᠢᠨᠵᠢᠯᠡᠭᠡ ᠰᠤᠳᠤᠯᠭᠠᠨ ᠤ ᠲᠦᠷᠦᠯ ᠢ ᠲᠠᠭᠠᠭᠠᠴᠢᠯᠠᠵᠤ᠂ ᠠᠮᠧᠷᠢᠺᠠ ᠶᠢᠨ ᠤᠯᠠᠭᠠᠨ ᠪᠦᠮᠪᠦᠷᠴᠡᠭ᠂ ᠴᠦᠮᠡᠭᠦᠢ ᠬᠠᠷ᠎ᠠ᠂ ᠰᠧᠨ ᠲᠢᠶᠠᠨ ᠨᠢ ᠵᠡᠷᠭᠡ ᠬᠤᠤᠷ ᠦᠭᠡᠶᠢᠵᠢᠭᠦᠯᠦᠭᠰᠡᠨ ᠦᠵᠦᠮ ᠢ ᠵᠠᠶᠢᠯᠠᠵᠤ ᠤᠷᠭᠤᠭᠤᠯᠤᠭᠠᠳ ᠠᠮᠵᠢᠯᠳᠠ ᠤᠯᠵᠠᠢ᠃      6 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠳ᠋ᠦᠩ ᠹᠧᠩ ᠰᠢᠶᠠᠩ ᠫᠠᠶᠢᠰᠠ ᠡᠯᠬᠦᠨ ᠪᠠᠶᠢᠭᠤᠯᠤᠭᠳᠠᠪᠠ᠃ ᠡᠨᠡ ᠨᠢ ᠳ᠋ᠦᠩ ᠹᠧᠩ ᠲᠠᠷᠢᠶᠠᠯᠠᠩ ᠤᠨ ᠲᠠᠯᠠᠪᠠᠢ ᠪᠠ  ᠪᠠᠶᠠᠨᠳᠤᠬᠤᠢ ᠲᠠᠷᠢᠶᠠᠯᠠᠩ ᠤᠨ ᠲᠠᠯᠠᠪᠠᠢ ᠶᠢ ᠨᠡᠶᠢᠯᠡᠭᠦᠯᠦᠭᠡᠳ ᠰᠢᠶᠠᠩ ᠪᠤᠯᠭᠠᠵᠠᠢ᠂ ᠲᠤᠰ ᠰᠢᠶᠠᠩ ᠤᠨ ᠲᠠᠯᠠᠪᠠᠢ ᠨᠢ 326 ᠲᠡᠭᠰᠢ ᠲᠦᠷᠪᠡᠯᠵᠢᠨ  ᠺᠢᠯᠦᠮᠧᠲᠷ᠂ 7 510 ᠬᠦᠮᠦᠨ ᠠᠮᠠ ᠲᠠᠢ᠃      6 ᠰᠠᠷ᠎ᠠ ᠶᠢᠨ 22 ᠤ ᠡᠳᠦᠷ᠂ ᠦᠪᠦᠷ ᠮᠤᠩᠭᠤᠯ ᠤᠨ ᠬᠠᠳᠤᠨ ᠭᠤᠤᠯ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠶᠢᠨ ︽ᠬᠤᠤᠤᠰ ᠭᠤᠷᠪᠠᠨ ᠲᠦᠮᠡ︾ ︵3 ᠲᠦᠮᠡᠨ ᠲᠤᠨ ᠢᠳᠡᠮᠡᠬᠡᠢ ᠱᠦᠯᠳᠦ᠂ 3 ᠲᠦᠮᠡᠨ ᠲᠤᠨ PVC ᠲᠠᠪᠠᠷᠬᠠᠢ︶ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠮᠡᠷᠭᠡᠵᠢᠯ ᠤᠨ ᠦᠭᠡᠷᠡᠴᠢᠯᠡᠯᠳᠡ  ᠶᠢᠨ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ ᠳᠤ ᠤᠷᠤᠪᠠ᠃      7 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠤᠷᠴᠢᠨ ᠲᠤᠭᠤᠷᠢᠨ ᠢ ᠬᠢᠨᠠᠨ ᠪᠠᠶᠢᠴᠠᠭᠠᠬᠤ ᠦᠷᠲᠡᠭᠡᠨ  ᠠᠴᠠ ᠪᠦᠬᠦ ᠬᠤᠳᠠ ᠶᠢᠨ ᠬᠡᠪᠴᠢᠶᠡᠨ ᠳᠤ 6 ᠠᠭᠠᠷ ᠤᠨ ᠪᠠᠶᠢᠳᠠᠯ ᠢ ᠬᠢᠨᠠᠨ ᠬᠡᠮᠵᠢᠬᠦ ᠲᠠᠭᠳᠤ ᠪᠠᠶᠢᠭᠤᠯᠵᠤ᠂ ᠬᠢᠨᠠᠨ ᠬᠡᠮᠵᠢᠬᠦ ᠠᠵᠢᠯ ᠢᠶᠠᠨ ᠡᠬᠢᠯᠡᠬᠦᠯᠪᠡ᠃      7 ᠰᠠᠷ᠎ᠠ ᠶᠢᠨ 6 ᠤ ᠡᠳᠦᠷ᠂ ᠦᠬᠠᠢ ᠶᠢᠨ ᠬᠢᠮᠢ ᠶᠢᠨ ᠦᠢᠯᠡᠳᠪᠦᠷᠢ ᠶᠢᠨ ᠲᠤᠮᠤ ᠲᠦᠷᠦᠯ ᠵᠦᠢᠯ— ᠦᠬᠠᠢ ᠬᠤᠳᠠ ᠶᠢᠨ ᠾᠧᠯᠤᠷᠳᠦ ᠱᠦᠯᠳᠦ ᠶᠢᠨ ᠢᠨᠵᠧᠨᠧᠷᠢᠩ ᠤᠨ ᠪᠤᠯᠤᠮᠵᠢᠳᠦ ᠨᠦᠭᠦᠴᠡᠯ ᠤᠨ ᠰᠤᠳᠤᠯᠭᠠᠨ ᠤ ᠮᠡᠳᠡᠭᠦᠯᠦᠯᠳᠡ ᠶᠢ ᠤᠯᠤᠰ ᠤᠨ ᠬᠦᠭᠵᠢᠭᠦᠯᠦᠯᠳᠡ ᠲᠦᠯᠦᠪᠯᠡᠭᠡᠳᠦ ᠵᠦᠪᠯᠡᠯ ᠠᠴᠠ ᠴᠤᠬᠤᠯᠪᠦᠷᠢᠯᠠᠭᠰᠠᠨ ᠬᠠᠷᠢᠭᠤᠯᠳᠠ ᠦᠭᠴᠡᠢ᠃ ᠲᠤᠰ ᠢᠨᠵᠧᠨᠧᠷᠢᠩ ᠨᠢ ᠵᠢᠯ ᠳᠤ 9 ᠲᠦᠮᠡᠨ ᠲᠤᠨ ᠴᠠᠬᠢᠯᠠᠭᠤᠷ ᠴᠢᠯᠠᠭᠤ᠂ 6 ᠲᠦᠮᠡᠨ ᠲᠤᠨ ᠢᠶᠤᠨ ᠪᠦᠷᠬᠦᠪᠴᠢᠳᠦ ᠢᠳᠡᠮᠡᠬᠡᠢ ᠱᠦᠯᠳᠦ᠂ 6 ᠲᠦᠮᠡᠨ ᠲᠤᠨ ᠪᠦᠭᠡᠭᠡᠨᠡᠷᠡᠯ ᠾᠧᠯᠤᠷᠤ᠋ ᠡᠲ᠋ᠧᠨ᠂ 6 ᠲᠦᠮᠡᠨ ᠲᠤᠨ ᠪᠦᠭᠡᠭᠡᠨᠡᠷᠡᠯ ᠡᠲ᠋ᠧᠨ᠂ 1 ᠲᠦᠮᠡᠨ ᠲᠤᠨ ᠡᠳ᠋ᠰᠢᠭᠦᠯᠦᠭᠰᠡᠨ ᠪᠦᠭᠡᠭᠡᠨᠡᠷᠡᠯ ᠾᠧᠯᠤᠷᠤ᠋ ᠡᠲ᠋ᠧᠨ ᠢ ᠦᠢᠯᠡᠳᠪᠦᠷᠢᠯᠡᠳᠡᠭ᠃ ᠲᠤᠰ ᠢᠨᠵᠧᠨᠧᠷᠢᠩ ᠳᠤ ᠨᠡᠶᠢᠳᠡ 172057 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠦᠷᠦᠩᠭᠡ ᠮᠦᠩᠭᠦ  ᠨᠢ 78300 ᠲᠦᠮᠡᠨ ᠲᠦᠭᠦᠷᠢᠭ᠃ ᠡᠭᠦᠨ ᠳᠤ ᠤᠯᠤᠰ ᠤᠨ ᠤᠷᠤᠭᠤᠯᠭᠰᠠᠨ ᠤᠷᠢᠳᠴᠢᠯᠠᠨ ᠲᠦᠯᠦᠪᠯᠡᠭᠰᠡᠨ ᠤᠯᠤᠰ ᠤᠨ ᠵᠢᠭᠡᠯᠡᠯᠭᠡ ᠶᠢᠨ ᠮᠦᠩᠭᠦ 20000 ᠲᠦᠮᠡᠨ ᠲᠦᠭᠦᠷᠢᠭ᠂ ᠦᠪᠡᠷᠳᠡᠭᠡᠨ ᠵᠠᠰᠠᠬᠤ ᠤᠷᠤᠨ ᠠᠴᠠ ᠤᠷᠤᠭᠤᠯᠭᠰᠠᠨ 10000 ᠲᠦᠮᠡᠨ ᠲᠦᠭᠦᠷᠢᠭ᠂ ᠦᠬᠠᠢ ᠬᠤᠳᠠ ᠠᠴᠠ ᠤᠷᠤᠭᠤᠯᠭᠰᠠᠨ 48300 ᠲᠦᠮᠡᠨ ᠲᠦᠭᠦᠷᠢᠭ ᠢ ᠪᠠᠭᠲᠠᠭᠠᠨ᠎ᠠ᠂ ᠪᠤᠰᠤᠳ ᠮᠦᠩᠭᠦ ᠨᠢ ᠴᠤᠸᠠᠨ ᠳ᠋ᠦᠩ ᠲᠤᠨᠤᠭ ᠲᠦᠭᠦᠭᠡᠷᠦᠮᠵᠢ ᠶᠢᠨ ᠰᠢᠯᠵᠢᠭᠦᠯᠦᠭᠰᠡᠨ ᠦᠷᠢ ᠵᠢᠭᠡᠯᠡᠯᠭᠡ ᠪᠤᠯᠤᠨ ᠬᠤᠳᠠᠯᠳᠤᠭᠠᠨ ᠤ ᠪᠠᠩᠭᠢ ᠠᠴᠠ ᠵᠢᠭᠡᠯᠡᠭᠰᠡᠨ ᠵᠢᠭᠡᠯᠡᠯᠭᠡ ᠶᠢᠨ ᠮᠦᠩᠭᠦ ᠪᠤᠯᠤᠨ᠎ᠠ᠃      7 ᠰᠠᠷ᠎ᠠ ᠶᠢᠨ 17 ᠤ ᠡᠳᠦᠷ᠂ ᠪᠠᠷᠠᠭᠤᠨ ᠤᠷᠠᠨ ᠲᠦᠰᠢ ᠶᠢᠨ ᠲᠠᠯ᠎ᠠ ᠨᠤᠳᠤᠭ ᠲᠡᠮᠳᠡᠭᠳᠦ ᠱᠦᠢᠨᠢ ᠶᠢᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠭᠤᠶᠤᠴᠢᠯᠠᠭᠰᠠᠨ 730291 ᠨᠤᠮᠧᠷᠳᠦ A ᠪᠦᠯᠦᠭ ᠤᠨ ᠰᠲ᠋ᠤᠺ ᠨᠢ ᠱᠠᠩᠬᠠᠢ ᠶᠢᠨ ᠠᠷᠠᠯᠵᠢᠶᠠᠨ ᠤ ᠭᠠᠵᠠᠷ ᠰᠦᠯᠵᠢᠶᠠᠨ ᠳᠤ ᠭᠠᠷᠴᠤ ᠲᠠᠷᠬᠠᠭᠠᠭᠳᠠᠪᠠ᠂ ᠡᠨᠡ ᠨᠢ ᠦᠬᠠᠢ ᠶᠢᠨ ᠬᠠᠮᠤᠭ ᠠᠩᠬᠠᠨ ᠤ ᠵᠠᠬ᠎ᠠ ᠳᠤ ᠭᠠᠷᠤᠭᠰᠠᠨ ᠠᠵᠤ ᠠᠬᠤᠶᠢᠯᠠᠯ ᠪᠤᠯᠤᠨ᠎ᠠ᠃      7 ᠰᠠᠷ᠎ᠠ ᠶᠢᠨ 18 ᠤ ᠡᠳᠦᠷ᠂ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ 110 ᠳ᠋ᠤᠭᠠᠷ ᠵᠢᠯᠤᠭᠤᠳᠬᠤ ᠲᠦᠪ ᠪᠤᠯᠤᠨ ᠬᠠᠶᠢᠷᠤᠪ ᠤᠨ ᠲᠤᠬᠤᠢ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠬᠤᠯᠪᠤᠭᠠᠯᠠᠨ ᠪᠠᠶᠢᠭᠤᠯᠤᠭᠰᠠᠨ ︽ᠤᠷᠴᠢᠨ ᠲᠤᠭᠤᠷᠢᠨ ᠤ ᠬᠠᠮᠠᠭᠠᠯᠠᠯᠳᠠ 110︾ ᠬᠠᠮᠳᠤᠷᠠᠨ ᠠᠵᠢᠯᠯᠠᠬᠤ ᠲᠦᠪ ᠡᠬᠢᠯᠡᠨ ᠠᠵᠢᠯᠯᠠᠵᠠᠢ᠃      7 ᠰᠠᠷ᠎ᠠ ᠶᠢᠨ 28 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠠᠭᠢᠯᠭᠠᠨ ᠬᠤᠯᠪᠤᠭᠠᠨ ᠤ ᠺᠤᠮᠫᠠᠨᠢ ᠶᠢᠨ ᠦᠬᠠᠢ ᠶᠢᠨ ᠬᠤᠪᠢᠶᠠᠷᠢ ᠺᠤᠮᠫᠠᠨᠢ ᠫᠠᠶᠢᠰᠠ ᠡᠯᠬᠦᠨ ᠪᠠᠶᠢᠭᠤᠯᠤᠭᠳᠠᠪᠠ᠃      7 ᠰᠠᠷ᠎ᠠ ᠶᠢᠨ 29 ᠤ ᠡᠳᠦᠷ᠂ ᠪᠡᠭᠡᠵᠢᠩ ᠤᠨ ᠬᠤᠤ ᠰᠢᠨ ᠶᠤᠸᠠᠨ ᠠᠭᠤᠷᠬᠠᠢ ᠶᠢᠨ ᠪᠦᠳᠦᠭᠡᠭᠳᠡᠭᠦᠨ ᠤ ᠨᠡᠭᠡᠭᠡᠨ ᠬᠦᠭᠵᠢᠭᠦᠯᠭᠦ ᠬᠢᠵᠠᠭᠠᠷᠳᠤ ᠺᠤᠮᠫᠠᠨᠢ ᠨᠢ ᠬᠠᠶᠢᠨᠠᠨ ᠲᠤᠭᠤᠷᠢᠭ ᠲᠠᠢ 7 500 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠵᠢᠯ ᠳᠤ 4 ᠲᠦᠮᠡᠨ ᠲᠤᠨ ᠴᠠᠭᠢᠭᠤᠷ ᠲᠡᠮᠦᠷ ᠦᠢᠯᠡᠳᠪᠦᠷᠢᠯᠡᠬᠦ ᠲᠦᠷᠦᠯ ᠵᠦᠢᠯ ᠢ ᠪᠠᠶᠢᠭᠤᠯᠬᠤ ᠬᠡᠯᠡᠯᠴᠡᠭᠡᠷ ᠲᠤᠭᠳᠠᠪᠠ᠃      8 ᠰᠠᠷ᠎ᠠ ᠶᠢᠨ8~ 9 ᠤ ᠡᠳᠦᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠤᠢ ᠰᠢᠭᠤᠢ ᠶᠢᠨ ᠵᠦᠪᠯᠡᠯ ᠤᠨ ᠡᠷᠭᠢᠯᠡᠭᠴᠢ᠂ ᠤᠤᠯ ᠤᠨ ᠪᠡᠭᠡᠵᠢᠩ ᠤᠨ ᠴᠡᠷᠢᠭ ᠤᠨ ᠲᠤᠭᠤᠷᠢᠭ ᠤᠨ ᠰᠧᠯᠢᠩ ᠯᠢ ᠯᠠᠢ ᠵᠤ᠋ ᠨᠠᠷ ᠦᠬᠠᠢ ᠬᠤᠳᠠ ᠳᠤ ᠠᠵᠢᠯ ᠪᠠᠶᠢᠴᠠᠭᠠᠬᠤ ᠪᠠᠷ ᠢᠷᠡᠵᠡᠢ᠃      8 ᠰᠠᠷ᠎ᠠ ᠶᠢᠨ 16 ᠤ ᠡᠳᠦᠷ᠂ ᠦᠬᠠᠢ ᠬᠤᠳᠠ ᠶᠢᠨ ᠴᠢᠩ ᠰᠦᠩ ᠰᠤᠷᠭᠠᠭᠤᠯᠢ ᠪᠠᠶᠢᠭᠤᠯᠤᠭᠳᠠᠪᠠ᠂ ᠲᠤᠰ ᠰᠤᠷᠭᠠᠭᠤᠯᠢ ᠨᠢ ᠰᠤᠷᠬᠤ ᠠᠴᠠ ᠡᠮᠦᠨᠡᠬᠢ᠂ ᠪᠠᠭ᠎ᠠ ᠰᠤᠷᠭᠠᠭᠤᠯᠢ᠂ ᠠᠩᠬ᠎ᠠ ᠲᠤᠮᠳᠠᠳᠤ᠂ ᠦᠨᠳᠦᠷ ᠲᠤᠮᠳᠠᠳᠤ ᠵᠡᠷᠭᠡ ᠶᠢ ᠨᠢᠭᠡ ᠴᠤᠭᠴᠠᠵᠢᠭᠤᠯᠤᠭᠰᠠᠨ ᠪᠦᠷᠢᠮᠦᠰᠤᠨ ᠪᠢᠳᠡᠭᠦᠯᠵᠢᠯᠡᠭᠰᠡᠨ ᠰᠢᠨᠵᠢ ᠲᠠᠢ ᠪᠠᠶᠢᠷᠢ ᠶᠢᠨ ᠲᠦᠷᠢᠮᠳᠦ ᠠᠷᠠᠳ ᠠᠴᠠ ᠡᠷᠭᠢᠯᠡᠭᠰᠡᠨ ᠰᠤᠷᠭᠠᠭᠤᠯᠢ ᠪᠤᠯᠤᠨ᠎ᠠ᠃      9 ᠰᠠᠷ᠎ᠠ ᠶᠢᠨ 7 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ 16 ᠨᠡᠷᠡᠰ ᠤᠯᠤᠰ ᠤᠨ ᠲᠤᠳᠤᠭᠠᠳᠤ ᠭᠠᠳᠠᠭᠠᠳᠤ ᠳᠤ ᠠᠯᠳᠠᠷᠳᠠᠢ ᠲᠤᠰᠬᠠᠢ ᠮᠡᠷᠭᠡᠵᠢᠯᠳᠡᠨ ᠬᠢᠭᠡᠳ ᠫᠧᠷᠦᠹᠧᠰᠰᠤᠷ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠳᠡᠨ ᠤ ᠵᠦᠪᠳᠡᠭᠴᠢ ᠶᠢᠨ ᠲᠤᠭᠤᠶᠢᠯᠠᠩ ᠪᠠᠶᠢᠭᠤᠯᠤᠭᠳᠠᠪᠠ᠃      9 ᠰᠠᠷ᠎ᠠ ᠶᠢᠨ 19 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠤᠤᠯᠳᠠᠯᠭᠠᠳᠤ ᠢᠨᠵᠧᠨᠧᠷᠢᠩ— ᠰᠢᠨ ᠳ᠋ᠢ ᠠᠴᠠ ᠮᠤᠷᠤᠢ ᠭᠤᠣᠯ ᠬᠦᠷᠬᠦ ᠵᠠᠰᠠᠮᠠᠯ ᠵᠠᠮ ᠲᠡᠪᠢᠰᠦᠭᠳᠡᠨ ᠲᠡᠷᠭᠡ ᠨᠡᠪᠳᠡᠷᠡᠪᠡ᠃      9 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠡᠯᠡᠰᠦᠨ ᠲᠤᠮᠳᠠᠬᠢ ᠪᠤᠯᠠᠭ ᠫᠢᠸᠤ᠋ ᠠᠷᠢᠬᠢᠨ ᠤ ᠦᠢᠯᠡᠳᠪᠦᠷᠢ ᠨᠢ ᠦᠬᠠᠢ ᠬᠤᠳᠠ ᠶᠢᠨ ᠳ᠋ᠧ ᠯᠦᠩ ᠫᠢᠸᠤ᠋ ᠠᠷᠢᠬᠢᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠬᠡᠵᠦ ᠨᠡᠷ᠎ᠡ ᠪᠠᠨ ᠦᠭᠡᠷᠡᠴᠢᠯᠡᠪᠡ᠃      9 ᠰᠠᠷ᠎ᠠ ᠳᠤ᠂ ᠲᠠᠪᠤᠨ ᠰᠠᠷ᠎ᠠ ᠦᠷᠭᠦᠯᠵᠢᠯᠡᠭᠰᠡᠨ ᠦᠬᠠᠢ ᠬᠤᠳᠠ ᠶᠢᠨ ᠲᠦᠷᠪᠡᠳᠦᠭᠡᠷ ᠬᠤᠭᠤᠴᠠᠭᠠᠨ ᠤ ᠲᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠤᠨ ᠡᠬᠡᠯᠵᠢ ᠰᠤᠯᠢᠬᠤ ᠰᠤᠩᠭᠤᠭᠤᠯᠢ ᠶᠢᠨ ᠠᠵᠢᠯᠯᠠᠭ᠎ᠠ ᠲᠠᠭᠤᠰᠴᠤ᠂ ᠰᠢᠨ᠎ᠡ ᠨᠢᠭᠡᠨ ᠡᠭᠡᠯᠵᠢ ᠶᠢᠨ ᠭᠠᠴᠠᠭ᠎ᠠ᠂ ᠲᠤᠰᠬᠤᠨ ᠤ ᠵᠦᠪᠯᠡᠯ 28 ᠲᠤᠳᠤᠷᠠᠵᠤ᠂ ᠰᠢᠨ᠎ᠡ ᠨᠢᠭᠡᠨ ᠡᠭᠡᠯᠵᠢ ᠶᠢᠨ ᠰᠠᠭᠤᠭᠠᠯᠢ ᠠᠷᠠᠳ ᠤᠨ ᠵᠦᠪᠯᠡᠯ 223 ᠲᠤᠳᠤᠷᠠᠵᠠᠢ᠃      10 ᠰᠠᠷ᠎ᠠ ᠶᠢᠨ 12 ᠤ ᠡᠳᠦᠷ᠂ ᠦᠬᠠᠢ ᠬᠤᠳᠠ ᠶᠢᠨ ᠵᠤᠴᠢᠳ ᠤᠨ ᠪᠠᠭᠤᠳᠠᠯ ᠨᠢ ᠤᠯᠤᠰ ᠤᠨ ᠬᠤᠶᠠᠳᠤᠭᠠᠷ ᠲᠡᠰ ᠤᠨ ᠵᠢᠭᠤᠯᠴᠢᠯᠠᠯ ᠤᠨ ᠭᠠᠳᠠᠭᠠᠳᠤ ᠳᠤ ᠵᠤᠷᠢᠭᠤᠯᠤᠭᠰᠠᠨ ᠪᠠᠭᠤᠳᠠᠯ ᠢᠶᠠᠷ ᠦᠨᠡᠯᠡᠭᠳᠡᠨ ᠫᠠᠶᠢᠰᠠ ᠡᠯᠬᠦᠬᠦ ᠶᠤᠰᠤᠯᠠᠯ ᠶᠠᠪᠤᠭᠳᠠᠭᠤᠯᠵᠠᠢ᠃ ᠦᠬᠠᠢ ᠬᠤᠳᠠ ᠶᠢᠨ ᠵᠤᠴᠢᠳ ᠤᠨ ᠪᠠᠭᠤᠳᠠᠯ ᠪᠤᠯ ᠨᠢᠭᠡᠨ ᠤᠯᠤᠰ ᠤᠨ ᠬᠤᠶᠠᠳᠤᠭᠠᠷ ᠤᠳᠤᠨ ᠲᠡᠰ ᠤᠨ ᠪᠠᠭᠤᠳᠠᠯ ᠪᠤᠯᠤᠨ᠎ᠠ᠃      10 ᠰᠠᠷ᠎ᠠ ᠶᠢᠨ ᠲᠤᠮᠳᠠᠴᠢ ᠪᠠᠷ᠂ ᠬᠠᠶᠢᠷᠤᠪ ᠤᠨ ᠲᠤᠬᠤᠢ ᠲᠤᠭᠤᠷᠢᠭ ᠤᠨ 2000 ᠤᠨ ᠤ ᠠᠮᠢ ᠠᠬᠤᠢ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠪᠠᠷᠢᠯᠭ᠎ᠠ ᠡᠬᠢᠯᠡᠭᠦᠯᠵᠡᠢ᠃ ᠲᠤᠰ ᠢᠨᠵᠧᠨᠧᠷᠢᠩ ᠢ ᠲᠦᠪ ᠪᠤᠯᠤᠨ ᠭᠠᠵᠠᠷ ᠤᠷᠤᠨ 10᠄ 1 ᠶᠢᠨ ᠬᠠᠷᠢᠴᠠᠯ ᠢᠶᠠᠷ ᠬᠠᠮᠳᠤᠪᠠᠷ ᠪᠡᠯᠡ ᠤᠷᠤᠭᠤᠯᠵᠤ ᠪᠠᠶᠢᠭᠤᠯᠬᠤ ᠪᠠᠷ ᠪᠣᠢ᠃ ᠤᠷᠢᠳᠴᠢᠯᠠᠨ ᠲᠦᠯᠦᠪᠯᠡᠭᠰᠡᠨ ᠢᠶᠠᠷ 500 ᠲᠦᠮᠡᠨ ᠲᠦᠭᠦᠷᠢᠭ ᠤᠷᠤᠭᠤᠯᠵᠤ᠂ 2 910 ᠾᠧᠺᠲ᠋ᠤᠷ ᠲᠠᠯᠠᠪᠠᠢ ᠭᠠᠵᠠᠷ ᠢ ᠵᠠᠰᠠᠨ ᠴᠡᠭᠴᠡᠯᠡᠬᠦ ᠪᠤᠯᠤᠨ᠎ᠠ᠂ ᠢᠨᠵᠧᠨᠧᠷᠢᠩ ᠨᠢ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠵᠢᠭᠰᠠᠭᠠᠭᠳᠠᠵᠠᠢ᠃      10 ᠰᠠᠷ᠎ᠠ ᠶᠢᠨ 24 ᠤ ᠡᠳᠦᠷ᠂ ᠬᠠᠢ ᠵᠢᠩ ᠰᠢᠯ ᠤᠨ ᠪᠦᠯᠦᠭᠯᠡᠯᠳᠦ ᠺᠤᠮᠫᠠᠨᠢ ᠶᠢᠨ ᠦᠢᠯᠡᠳᠪᠦᠷᠢᠯᠡᠭᠰᠡᠨ ᠠᠶᠤᠯᠬᠦᠢ ᠰᠢᠯ᠂ ᠬᠦᠪᠦᠮᠡᠯ ᠬᠢᠴᠡ ᠶᠢᠨ ᠰᠢᠯ᠂ ᠡᠩ ᠤᠨ ᠬᠠᠪᠳᠠᠭᠠᠢ ᠰᠢᠯ ᠵᠡᠷᠭᠡ ᠨᠢ ᠴᠤᠭᠭᠠᠷ ᠨᠢᠭᠡ ᠯᠡ ᠤᠳᠠᠭ᠎ᠠ  ᠳᠤ ᠪᠡᠭᠡᠵᠢᠩ ᠤᠨ ᠰᠢᠨ᠎ᠡ ᠡᠷᠡᠨ ᠤ ᠴᠢᠨᠠᠷ ᠴᠢᠨᠰᠠᠭ᠎ᠠ ᠶᠢᠨ ᠰᠢᠰᠲ᠋ᠧᠮ ᠢ ᠦᠨᠡᠯᠡᠨ ᠲᠤᠭᠳᠠᠭᠠᠬᠤ ︵ᠴᠢᠨᠠᠷ ᠬᠡᠷᠡᠴᠢᠯᠡᠬᠦ︶ ᠲᠦᠪ ᠤᠨ ᠬᠢᠨᠠᠨ ᠲᠤᠭᠳᠠᠭᠠᠯ ᠢ ᠦᠩᠭᠡᠷᠡᠭᠡᠭᠡᠳ᠂ ᠭᠤᠷᠪᠠᠨ ᠪᠦᠳᠦᠭᠡᠭᠳᠡᠭᠦᠨ ᠴᠦᠮ ISO — 9002 ᠴᠢᠨᠠᠷ ᠬᠡᠷᠡᠴᠢᠯᠡᠭᠰᠡᠨ ᠦᠨᠡᠮᠯᠡᠯ ᠭᠠᠷᠳᠠᠵᠠᠢ᠃      10 ᠰᠠᠷ᠎ᠠ ᠶᠢᠨ 29 ᠤ ᠡᠳᠦᠷ᠂ ᠬᠠᠢ ᠵᠢᠩ ᠰᠢᠯ ᠤᠨ ᠪᠦᠯᠦᠭᠯᠡᠯᠳᠦ ᠺᠤᠮᠫᠠᠨᠢ ᠶᠢᠨ ᠲᠡᠭᠰᠢ ᠲᠠᠳᠠᠬᠤ ᠰᠢᠯ  ᠤᠨ ᠦᠢᠯᠡᠳᠪᠦᠷᠢ ᠨᠢ ᠠᠮᠵᠢᠯᠳᠠ ᠲᠠᠢ ᠪᠠᠷ ᠬᠡᠢ ᠰᠣᠯᠢᠵᠤ ᠬᠡᠷᠡᠭᠯᠡᠬᠦ ᠪᠤᠯᠵᠠᠢ᠂ ᠲᠠᠷᠤᠢ ᠭᠠᠰ ᠴ‍‌ᠵᠯᠠᠭᠤᠡ ᠲᠤᠰᠤᠡ ᠤ ᠭᠡᠢ ᠭᠡᠷᠡᠭᠯᠡᠵᠦ ᠪᠠᠶᠢᠭᠰᠠᠨ ᠠᠴᠠ ᠪᠠᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠬᠡᠷᠡᠭᠯᠡᠬᠦ ᠪᠤᠯᠤᠭᠰᠠᠨ ᠨᠢ ᠪᠦᠬᠦ ᠤᠯᠤᠰ ᠲᠤ ᠬᠠᠮᠤᠭ ᠲᠦᠷᠦᠭᠦᠨ ᠳᠤ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠬᠡᠷᠡᠭᠯᠡᠭᠰᠡᠨ ᠲᠡᠭᠰᠢ ᠲᠠᠳᠠᠬᠤ ᠰᠢᠯ ᠤᠨ ᠦᠢᠯᠡᠳᠪᠦᠷᠢ ᠪᠤᠯᠤᠭᠰᠠᠨ ᠪᠠᠶᠢᠨ᠎ᠠ᠃ ᠡᠨᠡᠬᠦ ᠮᠡᠷᠭᠡᠵᠢᠯ ᠢ ᠬᠠᠢ ᠵᠢᠩ ᠰᠢᠯ ᠤᠨ ᠪᠦᠯᠦᠭᠯᠡᠯᠳᠦ ᠺᠤᠮᠫᠠᠨᠢ ᠶᠢᠨ ᠮᠡᠷᠭᠡᠵᠢᠯᠳᠡᠨ ᠦᠪᠡᠰᠦᠪᠡᠨ ᠰᠤᠳᠤᠯᠤᠨ ᠪᠦᠳᠦᠭᠡᠵᠡᠢ᠂ ᠵᠢᠯ ᠳᠤ 40 ᠲᠦᠮᠡᠨ ᠲᠦᠭᠦᠷᠢᠭ ᠤᠨ ᠦᠢᠯᠡᠳᠪᠦᠷᠢᠯᠡᠯ ᠤᠨ ᠪᠡᠨ᠎ᠡ ᠠᠷᠪᠢᠯᠠᠬᠤ ᠮᠦᠷᠳᠡᠭᠡᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢᠨ ᠪᠤᠬᠢᠷᠳᠠᠯ ᠤᠨ ᠲᠠᠯᠪᠢᠯᠳᠠ ᠶᠢ ᠪᠠᠭᠠᠰᠬᠠᠵᠠᠢ᠃      10 ᠰᠠᠷ᠎ᠠ ᠳᠤ᠂ ᠦᠬᠠᠢ ᠬᠤᠳᠠ ᠶᠢᠨ ᠰᠢᠨ ᠰᠢᠩ ᠵᠠᠮ ᠲᠡᠭᠡᠭᠡᠪᠦᠷᠢ ᠶᠢᠨ ︵ᠪᠦᠯᠦᠭᠯᠡᠯᠲᠦ︶ ᠬᠢᠵᠠᠭᠠᠷᠳᠤ ᠺᠤᠮᠫᠠᠨᠢ ᠶᠢᠨ ᠡᠳ᠋ ᠪᠠᠷᠠᠭ᠎ᠠ ᠲᠡᠭᠡᠭᠡᠪᠦᠷᠢᠯᠡᠬᠦ ᠪᠤᠳᠠᠰ ᠤᠨ ᠰᠤᠯᠢᠯᠴᠠᠭᠠᠨ ᠤ ᠦᠢᠯᠡᠴᠢᠯᠡᠭᠡᠨ ᠤ ᠺᠤᠮᠫᠠᠨᠢ ᠫᠠᠶᠢᠰᠠ ᠡᠯᠭᠦᠨ ᠡᠵᠡᠩᠨᠡᠯᠳᠡ ᠡᠬᠢᠯᠡᠪᠡ᠃      11 ᠰᠠᠷ᠎ᠠ ᠶᠢᠨ 1 ᠡᠳᠦᠷ ᠤᠨ ᠲᠡᠭ ᠴᠠᠭ ᠪᠤᠯᠳᠠᠯ᠎ᠠ᠂ ᠪᠦᠬᠦ ᠬᠤᠳᠠ ᠶᠢᠨ ᠶᠡᠷᠦᠩᠭᠡᠢ ᠬᠦᠮᠦᠨ ᠠᠮᠠ 43.49 ᠲᠦᠮᠡ ᠪᠣᠯᠵᠠᠢ᠂ ᠡᠭᠦᠨ ᠳᠤ ᠡᠷᠡᠭᠳᠡᠢ ᠬᠦᠮᠦᠨ 22.79 ᠲᠦᠮᠡ᠂ 52.39% ᠢ ᠡᠵᠡᠯᠡᠵᠦ᠂ ᠡᠮᠡᠭᠳᠡᠢ ᠬᠦᠮᠦᠨ 20.7 ᠲᠦᠮᠨ᠂ 47.61% ᠶᠢ ᠡᠵᠡᠯᠡᠨ᠎ᠡ᠃ ᠮᠤᠩᠭᠤᠯ ᠦᠨᠳᠦᠰᠦᠳᠡᠨ ᠤ ᠬᠦᠮᠦᠨ ᠠᠮᠠ 1.4 ᠲᠦᠮᠡ᠂ 3.22% ᠶᠢ ᠡᠵᠡᠯᠡᠵᠦ᠂ ᠪᠤᠰᠤᠳ ᠴᠦᠭᠡᠨ ᠲᠤᠭᠠᠳᠤ ᠦᠨᠳᠦᠰᠦᠳᠡᠨ ᠤ ᠬᠦᠮᠦᠨ ᠠᠮᠠ 1.28 ᠲᠦᠮᠡ᠂ 2.94% ᠶᠢ ᠡᠵᠡᠯᠡᠨ᠎ᠡ᠃      11 ᠰᠠᠷ᠎ᠠ ᠶᠢᠨ 20 ᠤ ᠡᠳᠦᠷ᠂ ᠦᠪᠦᠷ ᠮᠤᠩᠭᠤᠯ ᠤᠨ ᠨᠡᠭᠦᠷᠡᠰᠦᠨ ᠠᠭᠤᠷᠬᠠᠢ ᠶᠢᠨ ᠠᠶᠤᠯᠬᠦᠢ ᠬᠢᠨᠠᠨ ᠪᠠᠶᠢᠴᠠᠭᠠᠬᠤ ᠲᠤᠪᠴᠢᠶᠠᠨ ᠤ ᠦᠬᠠᠢ ᠶᠢᠨ ᠠᠭᠤᠷᠬᠠᠢ ᠶᠢᠨ ᠦᠢᠯᠡᠰ ᠤᠨ ᠠᠶᠤᠯᠬᠦᠢ ᠬᠢᠨᠠᠨ ᠪᠠᠶᠢᠴᠠᠭᠠᠬᠤ ᠭᠠᠵᠠᠷ ᠪᠠᠶᠢᠭᠤᠯᠤᠭᠳᠠᠪᠠ᠃      11 ᠰᠠᠷ᠎ᠠ ᠶᠢᠨ 28 ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠦ᠋ ᠢ ᠰᠢᠶᠠᠩ ᠪᠠᠶᠢᠭᠤᠯᠤᠭᠳᠠᠪᠠ᠃ ᠰᠢᠶᠠᠩ ᠤᠨ ᠪᠦᠬᠦ ᠲᠠᠯᠠᠪᠠᠢ ᠨᠢ 52 ᠲᠡᠭᠰᠢ ᠲᠦᠷᠪᠡᠯᠵᠢᠨ  ᠺᠢᠯᠦᠮᠧᠲᠷ ᠪᠠᠶᠢᠵᠤ᠂ 16 ᠲᠤᠰᠬᠤᠨ ᠤ ᠠᠷᠠᠳ ᠤᠨ ᠵᠦᠪᠯᠡᠯ ᠲᠠᠢ᠂ ᠨᠡᠶᠢᠳᠡ1.2 ᠲᠦᠮᠡᠨ ᠬᠦᠮᠦᠨ ᠠᠮᠠ ᠲᠠᠢ᠂ ᠪᠦᠬᠦ ᠬᠤᠳᠠ ᠶᠢᠨ ᠢᠳᠡᠰᠢᠨ ᠨᠤᠭᠤᠭ᠎ᠠ᠂ ᠬᠤᠯᠢᠰᠢᠨ ᠢᠳᠡᠭᠡᠨ ᠤ ᠪᠦᠳᠦᠭᠡᠭᠳᠡᠬᠦᠨ ᠤ ᠰᠠᠭᠤᠷᠢᠨ ᠭᠠᠵᠠᠷ ᠪᠣᠯᠵᠠᠢ᠃       11 ᠰᠠᠷ᠎ᠠ ᠳᠤ᠂ ᠦᠬᠠᠢ ᠬᠤᠳᠠ ᠶᠢᠨ ᠬᠤᠪᠢ ᠶᠢᠨ ᠡᠵᠡᠩᠨᠡᠯᠳᠡ ᠶᠢᠨ ᠬᠤᠪᠢ ᠤᠷᠤᠭᠤᠯᠤᠭᠰᠠᠨ ᠬᠤᠳᠠᠯᠳᠤᠭᠠᠨ ᠤ ᠶᠡᠭᠡ ᠠᠰᠠᠷ— ᠸᠠᠨ ᠺᠧ ᠯᠦᠩ ᠪᠠᠷᠠᠭ᠎ᠠ ᠬᠤᠳᠠᠯᠳᠤᠨ ᠠᠪᠬᠤ ᠨᠠᠶᠢᠷ ᠨᠠᠭᠠᠳᠤᠮ ᠤᠨ ᠲᠦᠪ ᠠᠰᠢᠭᠯᠠᠯᠳᠠ ᠳᠤ ᠤᠷᠤᠪᠠ᠃ ᠲᠤᠰ ᠬᠤᠳᠠᠯᠳᠤᠭᠠᠨ ᠤ ᠶᠡᠭᠡ ᠠᠰᠠᠷ ᠤᠨ ᠡᠵᠡᠯᠡᠭᠦ ᠭᠠᠵᠠᠷ ᠤᠨ ᠶᠡᠷᠦᠩᠬᠡᠢ ᠲᠠᠯᠠᠪᠠᠢ  ᠨᠢ 4600 ᠲᠡᠭᠰᠢ ᠲᠦᠷᠪᠡᠯᠵᠢᠨ ᠮᠧᠲᠷ᠂ 4000 ᠲᠦᠮᠡᠨ ᠲᠦᠭᠦᠷᠢᠭ ᠪᠡᠯᠡ ᠤᠷᠤᠭᠤᠯᠵᠤ᠂ ᠬᠤᠳᠠᠯᠳᠤᠭ᠎ᠠ᠂ ᠢᠳᠡᠭᠡᠨ ᠤᠮᠳᠠᠭᠠᠨ᠂ ᠨᠠᠶᠢᠷ ᠨᠠᠭᠠᠳᠤᠮ ᠢ ᠤᠶᠠᠯᠳᠤᠭᠤᠯᠤᠭᠰᠠᠨ ᠬᠡᠪᠴᠢᠶ᠎ᠡ ᠪᠠᠷ ᠬᠠᠮᠤᠭ ᠲᠤᠮᠤ ᠤᠳᠤᠬᠢᠴᠢᠯᠠᠭᠰᠠᠨ ᠠᠷᠠᠯᠵᠢᠶ᠎ᠠ ᠬᠤᠳᠠᠯᠳᠤᠭᠠᠨ ᠤ ᠲᠤᠮᠤ ᠠᠰᠠᠷ ᠪᠤᠯᠤᠨ᠎ᠠ᠃      △ᠦᠬᠠᠢ ᠬᠤᠳᠠ ᠶᠢᠨ ᠯᠠ ᠬᠤᠸᠠᠩ ᠵᠠᠰᠠᠮᠠᠯ ᠵᠠᠮ ᠲᠡᠪᠢᠰᠦᠭᠳᠡᠨ ᠲᠡᠷᠭᠡ ᠨᠡᠪᠳᠡᠷᠡᠵᠡᠢ᠂ ᠲᠤᠰ ᠵᠠᠰᠠᠮᠠᠯ ᠵᠠᠮ  ᠨᠢ ᠤᠯᠤᠰ ᠤᠨ ᠵᠠᠮ ᠤᠨ 109 ᠱᠤᠭᠤᠮ ᠪᠠ 110 ᠱᠤᠭᠤᠮ ᠢ ᠬᠤᠯᠪᠤᠵᠠᠢ᠂ ᠮᠦᠨᠴᠦ ᠬᠠᠶᠢᠨᠠᠨ ᠲᠤᠭᠤᠷᠢᠭ  ᠠᠴᠠ ᠤᠳᠠ ᠲᠤᠭᠤᠷᠢᠭ ᠰᠢᠭᠤᠳ ᠬᠦᠷᠭᠦ ᠵᠠᠮ ᠪᠠᠶᠢᠵᠤ᠂ ᠬᠤᠶᠠᠭᠤᠯᠠ ᠶᠢᠨ ᠬᠤᠭᠤᠷᠤᠨᠳᠤᠬᠢ ᠵᠠᠢ ᠶᠢ 21 ᠺᠢᠯᠦᠮᠧᠲᠷ ᠪᠠᠭᠠᠰᠬᠠᠵᠠᠢ᠃      △ ᠲᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ ᠶᠢᠨ ᠪᠠᠩᠭᠢ ᠶᠢᠨ ᠦᠬᠠᠢ ᠶᠢᠨ ᠬᠤᠪᠢᠶᠠᠷᠢ ᠪᠠᠩᠭᠢ  ᠶᠢᠨ ATM ᠦᠪᠡᠰᠦᠪᠡᠨ ᠵᠤᠭᠤᠰ ᠠᠪᠬᠤ ᠮᠠᠰᠢᠨ ᠢ ᠡᠬᠢᠯᠡᠨ ᠬᠡᠷᠡᠭᠯᠡᠪᠡ᠃      12 ᠰᠠᠷ᠎ᠠ ᠶᠢᠨ 13 ᠤ ᠡᠳᠦᠷ᠂ ᠤᠯᠤᠰ ᠤᠨ ᠰᠤᠨᠢᠨ ᠮᠡᠳᠡᠭᠡ ᠬᠡᠪᠯᠡᠯ ᠤᠨ ᠶᠠᠮᠤᠨ ᠤ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠭᠠᠵᠠᠷ ᠤᠷᠤᠨ ᠤ ᠰᠤᠨᠢᠨ ᠤ ᠬᠤᠷᠢᠶᠠᠨ ᠤ ᠬᠠᠮᠢᠶᠠᠷᠤᠯᠳᠠ ᠶᠢᠨ ᠨᠢᠭᠡᠴᠡ ᠶᠢ ᠱᠠᠩᠨᠠᠨ ᠬᠦᠭᠢᠬᠦᠯᠬᠦ ᠬᠤᠷᠠᠯ ᠭᠤᠸᠠᠩᠳᠦ᠋ᠩ ᠳᠤ ᠶᠠᠪᠤᠭᠳᠠᠵᠠᠢ᠃ ᠦᠬᠠᠢ ᠬᠤᠳᠠ ᠶᠢᠨ ᠡᠳᠦᠷ ᠤᠨ ᠰᠤᠨᠢᠨ ᠤ ᠬᠤᠷᠢᠶ᠎ᠠ ᠪᠦᠬᠦ ᠤᠯᠤᠰ ᠤᠨ ᠭᠠᠵᠠᠷ ᠤᠷᠤᠨ ᠤ ᠰᠤᠨᠢᠨ ᠤ ᠬᠤᠷᠢᠶᠠᠨ ᠤ ᠬᠠᠮᠢᠶᠠᠷᠤᠯᠳᠠ ᠶᠢᠨ ᠲᠡᠷᠢᠭᠦᠨ ᠤ ᠨᠢᠭᠡᠴᠡ  ᠪᠠᠷ ᠱᠠᠩᠨᠠᠭᠳᠠᠵᠠᠢ᠃      2000 ᠤᠨ ᠳᠤ᠂ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠷᠠᠰᠠᠩ ᠤᠨ ᠰᠦᠮ᠎ᠡ ᠪᠠᠯᠭᠠᠰᠤ ᠫᠠᠶᠢᠰᠠ ᠡᠯᠬᠦᠨ ᠪᠠᠶᠢᠭᠤᠯᠤᠭᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号