ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠮᠠᠨ ᠤ ᠬᠤᠲᠠ ᠳᠤ ᠢᠷᠡᠵᠦ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠬᠠᠯᠠᠭᠤᠨ ᠲᠤᠯᠠᠭᠠᠨ ᠢᠨᠵᠧᠨᠧᠷᠢᠩ ᠵᠡᠷᠭᠡ ᠠᠵᠢᠯ  ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/9/27
     9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠮᠠᠨ ᠤ ᠬᠤᠲᠠ ᠳᠤ ᠢᠷᠡᠵᠦ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠬᠠᠯᠠᠭᠤᠨ ᠲᠤᠯᠠᠭᠠᠨ ᠢᠨᠵᠧᠨᠧᠷᠢᠩ ᠵᠡᠷᠭᠡ ᠠᠵᠢᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠭᠦᠸᠧ ᠢᠦᠶ ᠹᠧᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠤᠸᠠᠢ ᠶᠦᠩ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠠᠮᠲᠤ ᠪᠠᠷ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠳᠡᠳ᠋ ᠳᠠᠷᠤᠭ᠎ᠠ ᠭᠦᠸᠧ ᠢ ᠵᠢᠶᠧ ᠪᠠᠷ᠎ᠠ ᠪᠣᠯᠪᠠ᠃      ᠶᠣᠣ ᠶᠦᠩ ᠪᠥᠸᠧ ᠨᠡᠷ ᠤᠷᠢᠳ ᠬᠤᠵᠢᠳ ᠬᠤᠲᠠ ᠶᠢᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠣᠬᠢᠷᠠᠭᠤᠯᠤᠯᠲᠠ ᠶᠢᠨ ᠲᠥᠪ᠂ ᠠᠵᠤ ᠦᠢᠯᠡᠳᠪᠦᠷᠢ ᠶᠢᠨ ᠪᠠᠩᠬᠢ ᠶᠢᠨ ᠡᠮᠦᠨ᠎ᠡ ᠰᠠᠭᠤᠭᠠᠯᠢ ᠲᠣᠭᠤᠷᠢᠭ᠂ ᠦᠨᠳᠦᠰᠦᠲᠡᠨ ᠤ ᠠᠷᠠᠯᠵᠢᠶᠠᠨ ᠤ ᠡᠮᠦᠨ᠎ᠡ ᠰᠠᠭᠤᠠᠭᠠᠯᠢ ᠲᠣᠭᠤᠷᠢᠭ᠂ ᠬᠤᠲᠠ ᠶᠢᠨ ᠳ᠋ᠡᠶᠢᠲ᠋ᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠵᠡᠷᠭᠡ ᠭᠠᠵᠠᠷ ᠲᠤ ᠬᠦᠷᠴᠦ᠂ ᠳ᠋ᠡᠶᠢᠲ᠋ᠠᠴᠢᠯᠠᠭᠰᠠᠨ ᠡᠨᠧᠷᠭᠢ ᠣᠯᠭᠤᠵᠤ ᠢᠯᠴᠢ ᠬᠠᠩᠭᠠᠬᠤ ᠬᠠᠮᠢᠶᠠᠷᠤᠯᠲᠠ ᠶᠢᠨ ᠲᠠᠪᠴᠠᠩ᠂ ᠣᠶᠤᠨᠴᠢ ᠠᠳᠠᠯ ᠠᠬᠤᠶ᠂ ᠨᠡᠶᠢᠭᠡᠮ ᠲᠣᠭᠤᠷᠢᠭ ᠤᠨ ᠳᠠᠭᠠᠭᠤᠯᠤᠨ ᠡᠷᠬᠢᠯᠡᠭᠰᠡᠨ ᠠᠳᠠᠯ ᠠᠬᠤᠶ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠵᠡᠷᠭᠡ ᠮᠠᠨ ᠤ ᠬᠤᠲᠠ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠪᠠ ᠬᠠᠯᠠᠭᠤᠨ ᠲᠤᠯᠠᠭᠠᠨ ᠢᠨᠵᠧᠨᠧᠷᠢᠩ᠂ ᠬᠤᠲᠠ ᠶᠢᠨ ᠠᠰᠠᠷ ᠢ ᠲᠤᠰᠢᠶᠠᠬᠤ ᠶᠢ ᠪᠠᠲᠤᠯᠠᠬᠤ᠂ ᠭᠡᠷ ᠪᠠᠶᠢᠰᠢᠩ ᠢ ᠲᠤᠰᠢᠶᠠᠬᠤ ᠶᠢ ᠪᠠᠲᠤᠯᠠᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠲᠣᠳᠣᠷᠬᠠᠶ ᠣᠶᠢᠯᠠᠭᠠᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ  ᠣᠯᠠᠨ ᠲᠦᠮᠡᠨ ᠢ ᠳᠠᠶᠢᠴᠢᠯᠠᠨ ᠣᠷᠣᠯᠴᠠᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠭᠡᠬᠦ ᠡᠨᠡ ᠬᠦ ᠰᠢᠰᠲ᠋ᠧᠮᠲᠦ ᠢᠨᠵᠧᠨᠧᠷᠢᠩ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠯᠠᠨ ᠲᠦᠮᠡᠨ ᠳᠤ ᠰᠢᠨ᠎ᠡ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠠᠶ ᠠᠰᠢᠭ ᠬᠦᠷᠲᠡᠭᠡᠬᠦ ᠬᠡᠷᠡᠭᠲᠡᠶ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠳᠬᠤᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠭᠡᠵᠦ᠂ ᠬᠠᠯᠠᠭᠤᠨ ᠳᠤᠯᠠᠭᠠᠨ ᠢᠨᠵᠧᠨᠧᠷᠢᠩ ᠤᠨ ᠣᠨ ᠤ ᠡᠭᠦᠷᠭᠡ ᠪᠠᠨ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠢᠯᠴᠢ ᠬᠠᠩᠭᠠᠬᠤ ᠠᠵᠤ ᠠᠬᠤᠶᠢᠯᠠᠯ᠂ 12345 ᠬᠠᠯᠠᠮᠰᠢᠯ ᠤᠲᠠᠰᠤ ᠶᠢᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠣᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠠᠰᠠᠭᠤᠳᠠᠯ ᠢ ᠥᠨᠳᠥᠷ ᠪᠦᠲᠦᠮᠵᠢᠲᠡᠶ ᠪᠠᠷ ᠲᠣᠬᠢᠲᠠᠶ ᠰᠢᠢᠳᠪᠦᠷᠢᠯᠡᠵᠦ᠂ ᠣᠯᠠᠨ ᠲᠦᠮᠡᠨ ᠤ ᠰᠡᠳᠬᠢᠯ ᠢ ᠨᠡᠩ ᠳᠤᠯᠠᠭᠠᠴᠠᠭᠤᠯᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠠᠰᠠᠷ ᠢ ᠲᠤᠰᠢᠶᠠᠬᠤ ᠶᠢ ᠪᠠᠲᠤᠯᠠᠬᠤ᠂ ᠭᠡᠷ ᠪᠠᠶᠢᠰᠢᠩ ᠢ ᠲᠤᠰᠢᠶᠠᠬᠤ ᠶᠢ ᠪᠠᠲᠤᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号