ᠪᠦᠬᠦ ᠬᠦᠴᠦᠨ ᠢᠶᠠᠷ ᠢᠶᠠᠨ ᠨᠡᠩ ᠬᠠᠯᠠᠭᠤᠨ ᠳᠤᠯᠠᠭᠠᠨ ᠲᠠᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠶ᠎ᠠ
ᠨᠡᠶᠢᠲᠡᠯᠡᠭᠰᠡᠨ ᠴᠠᠭ᠄
2024/9/29
      —ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠧᠩ ᠯᠢᠨ ᠬᠤ᠋ ᠶᠢ ᠰᠣᠷᠪᠣᠯᠵᠢᠯᠠᠭᠰᠠᠨ ᠨᠢ      ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠤᠷᠤᠯᠴᠠᠨ ᠲᠤᠤᠱᠯᠠᠭᠤᠯᠬᠤ ᠲᠤᠬᠠᠶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠧᠩ ᠯᠢᠨ ᠬᠤ᠋ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠨ᠎ᠠ ᠬᠡᠵᠡᠢ᠃      ᠵᠧᠩ ᠯᠢᠨ ᠬᠤ᠋ ᠬᠡᠯᠡᠭᠰᠡᠨ ᠨᠢ᠂ ᠪᠦᠬᠦ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ᠬᠤᠲᠠ ᠶᠢᠨ ᠲᠣᠣᠷᠵᠢᠭᠤᠯᠤᠯᠳᠠ᠂ ᠣᠷᠣᠨ ᠪᠦᠰᠡ ᠶᠢᠨ ᠨᠢᠭᠳᠠᠷᠠᠭᠤᠯᠤᠯᠳᠠ︾ ᠪᠠᠷ ᠴᠢᠭᠯᠡᠯ ᠪᠣᠯᠭᠠᠵᠤ᠂ ᠤᠯᠤᠰ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠬᠥᠮᠦᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠭᠡᠨ ᠤ ᠰᠢᠰᠲ᠋ᠧᠮ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ ᠦᠷᠡᠵᠢᠯ ᠤᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠲᠦᠭᠡᠮᠡᠯ ᠬᠠᠷᠠᠭᠠᠯᠵᠠᠯᠲᠤ ᠬᠡᠤᠬᠡᠳ ᠠᠰᠠᠷᠠᠬᠤ᠂ ᠡᠬᠡ ᠨᠢᠯᠬᠠᠰ ᠤᠨ ᠡᠷᠡᠭᠦᠯ ᠮᠡᠨᠳᠦ᠂ ᠨᠠᠰᠤᠲᠠᠶᠢᠴᠤᠳ ᠤᠨ ᠡᠷᠡᠭᠦᠯ ᠮᠡᠨᠳᠦ ᠵᠡᠷᠭᠡ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠣᠯᠠᠨ ᠲᠦᠮᠡᠨ ᠳᠤ ᠨᠡᠩ ᠲᠥᠪ ᠭᠤᠤᠯᠴᠢ ᠪᠥᠭᠡᠳ ᠬᠦᠷᠦᠯᠴᠡᠬᠦᠶᠢᠴᠡ᠂ ᠰᠢᠰᠲ᠋ᠧᠮ ᠲᠠᠢ ᠦᠷᠭᠦᠯᠵᠢᠯᠡᠭᠰᠡᠨ ᠰᠡᠷᠭᠡᠶᠢᠯᠡᠯᠲᠡ᠂ ᠡᠮᠴᠢᠯᠡᠭᠡ᠂ ᠡᠷᠡᠭᠦᠯᠵᠢᠯ᠂ ᠡᠷᠡᠭᠦᠯ ᠮᠡᠨᠳᠦ ᠶᠢ ᠠᠬᠢᠭᠤᠯᠬᠤ ᠵᠡᠷᠭᠡ ᠦᠢᠯᠡᠴᠢᠯᠡᠭᠡ ᠬᠦᠷᠲᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠳᠤᠮᠳᠠ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠥᠷᠭᠡᠨ ᠤᠯᠠᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号