ᠮᠠᠨ ᠤ ᠬᠤᠲᠠ ᠶᠢᠨ 2024 ᠣᠨ ᠤ ᠳᠦᠷᠢᠮᠵᠢᠭᠰᠡᠨ ᠬᠢᠲᠠᠳ ᠦᠰᠦᠭ ᠤᠨ ᠰᠣᠨᠣᠰᠴᠤ ᠪᠢᠴᠢᠬᠦ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/9/3
     9 ᠰᠠᠷ᠎ᠠ ᠶᠢᠨ 1 ᠤ ᠡᠳᠦᠷ᠂ ᠬᠤᠲᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠠᠴᠠ ᠭᠤᠤᠯᠯᠠᠨ ᠡᠷᠭᠢᠯᠡᠵᠦ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠲᠠᠭᠠᠭᠠᠴᠢᠯᠠᠨ ᠡᠷᠭᠢᠯᠡᠭᠰᠡᠨ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠳᠦᠷᠢᠮᠵᠢᠭᠰᠡᠨ ᠬᠢᠲᠠᠳ ᠦᠰᠦᠭ ᠤᠨ ᠰᠣᠨᠣᠰᠴᠤ ᠪᠢᠴᠢᠬᠦ ᠤᠷᠤᠯᠳᠤᠭᠠᠨ ᠶᠠᠪᠤᠭᠳᠠᠪᠠ᠃      ᠤᠷᠤᠯᠳᠤᠭᠠᠨ ᠳᠤ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠳᠤᠮᠳᠠᠳᠤ ᠶᠢᠨ ᠳᠤᠭᠤᠶᠢᠯᠠᠩ᠂ ᠥᠨᠳᠥᠷ ᠳᠤᠮᠳᠠᠳᠤ ᠶᠢᠨ ᠳᠤᠭᠤᠶᠢᠯᠠᠩ ᠪᠠ ᠪᠠᠭᠰᠢ ᠶᠢᠨ ᠳᠤᠭᠤᠶᠢᠯᠠᠩ ᠵᠡᠷᠭᠡ 4 ᠳᠤᠭᠤᠶᠢᠯᠠᠩ ᠲᠣᠬᠢᠷᠠᠭᠤᠯᠵᠤ᠂ ᠨᠡᠶᠢᠲᠡ 27 ᠲᠥᠯᠥᠭᠡᠯᠡᠭᠴᠢᠳ ᠤᠨ ᠠᠩᠭᠢ ᠶᠢᠨ 81 ᠪᠠᠭᠰᠢ ᠰᠤᠷᠤᠭᠴᠢ ᠤᠷᠤᠯᠳᠤᠭᠠᠨ ᠳᠤ ᠣᠷᠣᠯᠴᠠᠪᠠ᠃      ᠤᠷᠤᠯᠳᠤᠭᠠᠨ ᠤ ᠶᠠᠪᠤᠴᠠ ᠪᠠᠴᠢᠮ ᠰᠢᠷᠦᠭᠦᠨ ᠪᠠᠶᠢᠵᠤ᠂ ᠣᠷᠣᠯᠳᠣᠭᠠᠨ ᠳᠤ ᠣᠷᠣᠯᠴᠠᠭᠰᠠᠨ ᠪᠠᠭᠰᠢ ᠰᠣᠷᠣᠭᠴᠢᠳ ︽ᠠᠩᠬᠠᠨ ᠤ ᠲᠤᠷᠰᠢᠯᠳᠠ︾ ︽ᠦᠰᠦᠭ ᠢᠶᠠᠷ ᠰᠢᠯᠦᠭ ᠪᠦᠲᠦᠭᠡᠬᠦ︾ ︽ᠦᠰᠦᠭ ᠢᠶᠠᠨ ᠲᠥᠪ ᠪᠢᠴᠢᠬᠦ︾ ︽ᠲᠦᠷᠭᠡᠨ ᠪᠢᠴᠢᠯᠭᠡ︾ ᠪᠣᠯᠤᠨ ︽ᠰᠢᠷᠦᠬᠦᠨ ᠮᠦᠷᠦᠶᠢᠴᠡᠭᠡ︾ ᠵᠡᠷᠭᠡ 5 ᠭᠤᠭᠴᠤᠭ᠎ᠠ ᠪᠠᠷ ᠳᠠᠮᠵᠢᠨ᠂ ᠲᠣᠭᠲᠠᠭᠰᠠᠨ ᠴᠠᠭ ᠤᠨ ᠳᠣᠲᠣᠷ᠎ᠠ ᠰᠣᠨᠣᠰᠴᠦ ᠪᠢᠴᠢᠬᠦ ᠰᠡᠳᠦᠪ ᠤᠨ ᠪᠦᠬᠦᠶᠢᠯᠡ ᠬᠢᠲᠠᠳ ᠦᠰᠦᠭ ᠢᠶᠠᠨ ᠪᠢᠴᠢᠵᠦ ᠲᠠᠭᠤᠰᠬᠠᠪᠠ᠃ ᠰᠡᠳᠦᠪ ᠨᠢ ᠦᠨᠳᠦᠰᠦᠨ ᠦᠭᠡᠰ ᠤᠨ ᠰᠠᠩ ᠠᠴᠠ ᠬᠤᠪᠤᠷ ᠬᠡᠷᠡᠭᠯᠡᠭᠳᠡᠬᠦ ᠦᠰᠦᠭ ᠢ ᠬᠠᠮᠤᠷᠴᠦ᠂ ᠠᠭᠤᠯᠭ᠎ᠠ ᠨᠢ ᠪᠠᠶᠠᠯᠢᠭ᠂ ᠣᠯᠠᠨ ᠶᠠᠩᠵᠤ ᠶᠢᠨ ᠠᠭᠤᠯᠭ᠎ᠠ ᠲᠠᠢ ᠪᠠᠶᠢᠵᠦ᠂ ᠣᠷᠣᠯᠳᠣᠭᠠᠨ ᠳᠤ ᠣᠷᠣᠯᠴᠠᠭᠰᠠᠳ ᠤᠨ ᠳᠦᠷᠢᠮᠵᠢᠭᠰᠡᠨ ᠬᠢᠲᠠᠳ ᠦᠰᠦᠭ ᠢ ᠬᠠᠳᠠᠭᠠᠯᠠᠬᠤ ᠪᠠ ᠪᠢᠴᠢᠬᠦ ᠴᠢᠳᠠᠪᠤᠷᠢ ᠶᠢ ᠨᠢ ᠰᠢᠯᠭᠠᠨ ᠪᠠᠶᠢᠴᠠᠭᠠᠵᠤ᠂ ᠰᠤᠷᠤᠭᠴᠢᠳ ᠤᠨ ᠳᠦᠷᠢᠮᠵᠢᠭᠰᠡᠨ ᠦᠰᠦᠭ ᠬᠡᠷᠡᠭᠯᠡᠬᠦ᠂ ᠳᠦᠷᠢᠮᠵᠢᠭᠰᠡᠨ ᠦᠰᠦᠭ ᠪᠢᠴᠢᠬᠦ ᠰᠠᠶᠢᠨ ᠳᠠᠳᠬᠠᠯ ᠢ ᠨᠢ ᠤᠯᠠᠮ ᠨᠢᠭᠡ ᠠᠯᠬᠤᠮ ᠬᠥᠮᠥᠵᠢᠭᠦᠯᠪᠡ᠃      ᠣᠯᠠᠨ ᠡᠭᠡᠯᠵᠢ ᠶᠢᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ ᠬᠠᠶᠢᠨᠠᠨ ᠲᠣᠭᠤᠷᠢᠭ ᠤᠨ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠪᠠ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠥᠯᠥᠭᠡᠯᠡᠭᠴᠢᠳ ᠤᠨ ᠠᠩᠭᠢ ᠲᠣᠰ ᠲᠣᠰ ᠡᠯ᠎ᠡ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠭᠥᠷᠳᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号