8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 1 ᠤ ᠡᠳᠦᠷ ᠪᠣᠯᠲᠠᠯ᠎ᠠ᠂ ᠬᠤᠲᠠ ᠶᠢᠨ ᠠᠵᠢᠯᠴᠢᠨ ᠤ | ᠶᠡᠷᠦᠩᠬᠡᠶ ᠡᠪᠯᠡᠯ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ | ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠪᠢ ᠪᠤᠢ· ᠬᠥᠳᠡᠯᠮᠦᠷᠢ ᠪᠠᠷ ᠭᠢᠯᠠᠯᠵᠠᠭᠰᠠᠨ ᠠᠮᠵᠢᠯᠲᠠ ᠶᠢ | ᠴᠣᠭᠴᠠᠯᠠᠶ᠎ᠠ︾ ᠭᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ | ᠪᠡᠯᠭᠡᠯᠡᠬᠦ ᠪᠥᠬᠦ ᠬᠤᠲᠠ ᠶᠢᠨ ᠠᠵᠢᠯᠲᠠᠨ ᠠᠵᠢᠯᠴᠢᠨ ᠤ ᠪᠷᠢᠵ ᠬᠦᠵᠦᠷ ᠤᠨ ᠤᠷᠤᠯᠳᠤᠭᠠᠨ ᠡᠷᠭᠢᠯᠡᠪᠡ᠃ | ᠤᠷᠤᠯᠳᠤᠭᠠᠨ ᠤ ᠲᠥᠷᠥᠯ ᠨᠢ ᠨᠡᠭᠡᠭᠡᠯᠳᠡᠢ ᠬᠠᠮᠲᠤ ᠶᠢᠨ ᠤᠷᠤᠯᠳᠤᠭᠠᠨ ᠪᠣᠯᠤᠨ᠎ᠠ᠂ ᠪᠥᠬᠦ ᠬᠤᠲᠠ ᠶᠢᠨ 12 | ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃ | ᠤᠷᠤᠯᠳᠤᠭᠠᠨ ᠤ ᠶᠠᠪᠤᠴᠠ ᠳᠤ᠂ ᠣᠷᠣᠯᠳᠣᠭᠠᠨ ᠳᠤ ᠣᠷᠣᠯᠴᠠᠭᠰᠠᠳ ᠪᠦᠬᠦ ᠠᠩᠬᠠᠷᠤᠯ ᠢᠶᠠᠨ ᠲᠥᠪᠯᠡᠷᠡᠭᠦᠯᠦᠨ᠂ | ᠯᠠᠪᠳᠠᠭᠤᠨ ᠪᠣᠯᠭᠤᠮᠵᠢᠲᠠᠶ ᠪᠣᠳᠣᠯᠬᠢᠯᠠᠵᠤ᠂ ᠬᠢᠴᠢᠶᠡᠮᠵᠢᠳᠡᠢ ᠪᠠᠷ ᠫᠠᠢ ᠭᠠᠷᠭᠠᠵᠤ᠂ ᠪᠦᠯᠬᠦᠮ ᠨᠡᠶᠢᠲᠡ ᠶᠢᠨ | ᠬᠤᠭᠤᠷᠣᠨᠳᠣ ᠪᠠᠨ ᠨᠢᠭᠲᠠ ᠬᠠᠮᠵᠢᠯᠴᠠᠵᠤ᠂ ᠨᠠᠷᠢᠨ ᠨᠢᠮᠪᠠᠶ ᠬᠦᠵᠦᠷ ᠤᠨ ᠮᠡᠷᠭᠡᠵᠢᠯ ᠪᠠ ᠣᠯᠠᠨ ᠠᠴᠠ | ᠬᠡᠲᠦ᠋ᠢᠳᠦᠭᠰᠡᠨ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠪᠠᠨ ᠢᠯᠡᠷᠡᠭᠦᠯᠪᠡ᠃ | ᠲᠣᠰ ᠤᠳᠠᠭᠠᠨ ᠤ ᠪᠷᠢᠵ ᠬᠦᠵᠦᠷ ᠤᠨ ᠤᠷᠤᠯᠳᠤᠭᠠᠨ ᠨᠢ ᠪᠷᠢᠵ ᠬᠦᠵᠦᠷ ᠲᠤ ᠳᠤᠷ᠎ᠠ ᠪᠠᠭ᠋ᠠᠲᠠᠶ | ᠬᠥᠮᠦᠰ ᠲᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠪᠷᠢᠵ ᠬᠦᠵᠦᠷ ᠤᠨ | ᠬᠥᠳᠡᠯᠭᠡᠭᠡᠨ ᠤ ᠮᠠᠨ ᠤ ᠬᠤᠲᠠ ᠳᠤ ᠲᠦᠭᠡᠮᠡᠯᠵᠢᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠥᠷᠨᠢᠩᠭᠦᠶ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ |