ᠦᠬᠠᠢ ᠠᠯᠠᠱᠠ ᠬᠤᠶᠠᠷ ᠭᠠᠵᠠᠷ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠬᠠᠮᠲᠤᠷᠠᠨ ᠭᠤᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/30
     9 ᠰᠠᠷ᠎ᠠ ᠶᠢᠨ 27 ᠤ ᠡᠳᠦᠷ᠂ ᠦᠬᠠᠢ᠂ ᠠᠯᠠᠱᠠ ᠬᠤᠶᠠᠷ ᠭᠠᠵᠠᠷ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠬᠠᠮᠲᠤᠷᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠶ᠎ᠡ— ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ  ᠰᠢᠨ᠎ᠡ ᠠᠶᠠᠨ ᠳᠤ ᠡᠷᠡᠯᠬᠡᠭᠯᠡᠨ ᠣᠷᠣᠭᠰᠢᠯᠠᠶ᠎ᠠ︾ ᠭᠡᠬᠦ ᠭᠤᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠶᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠦᠨᠡᠨᠴᠢ ᠠᠵᠢᠯᠯᠠᠭ᠎ᠠ ᠳᠤ ᠣᠷᠣᠯᠴᠠᠪᠠ᠃ ᠦᠬᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠬᠠᠢ ᠲᠤᠰ ᠲᠤᠰ ᠫᠠᠶᠢᠰᠠ ᠰᠡᠬᠦᠬᠦ ᠶᠣᠰᠣᠯᠠᠯ ᠪᠣᠯᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠦᠬᠠᠶ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠮᠧᠩ ᠼᠤᠤ ︵ᠠᠯᠠᠱᠠ︶ ᠡᠯᠡᠰᠦᠨ ᠴᠦᠯ ᠤᠨ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠤᠨ ᠫᠠᠶᠢᠰᠠ ᠢᠯᠡᠷᠬᠡᠶᠢᠯᠡᠯ ᠣᠯᠭᠤᠬᠤ ᠶᠢᠨ ᠬᠠᠮᠲᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ ᠬᠦᠷᠭᠡᠪᠡ᠃ ᠬᠤᠷᠠᠯ ᠳᠤ ᠣᠷᠣᠯᠴᠠᠭᠰᠠᠳ ᠦᠬᠠᠢ ᠠᠯᠠᠱᠠ ᠬᠤᠶᠠᠷ ᠭᠠᠵᠠᠷ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠦᠷ᠎ᠡ ᠪᠦᠲᠦᠭᠡᠯ ᠢ ᠰᠤᠳᠤᠯᠤᠨ ᠰᠤᠷᠤᠯᠴᠠᠵᠦ ᠲᠤᠭᠤᠷᠢᠨ ᠦᠵᠡᠪᠡ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠳᠠᠯᠠᠵᠤ  ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠡᠴᠡ ᠲᠠᠢ ᠪᠦᠭᠡᠳ ᠬᠦᠨᠴᠡ ᠲᠠᠢ ᠪᠠᠷ ᠤᠷᠤᠭᠰᠢᠯᠠᠬᠤ ᠶᠢ ᠠᠭᠢᠭᠤᠯᠤᠶ᠎ᠠ︾ ᠬᠡᠬᠦ ᠤᠨᠤᠯ ᠤᠨ ᠰᠤᠳᠤᠯᠤᠨ ᠶᠠᠷᠢᠯᠴᠠᠬᠤ ᠬᠤᠷᠠᠯ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠶᠠᠪᠤᠭᠳᠠᠪᠠ᠃ ᠬᠤᠷᠠᠯ ᠳᠡᠭᠡᠷ᠎ᠡ᠂ ᠦᠬᠠᠢ᠂ ᠠᠯᠠᠱᠠ ᠬᠤᠶᠠᠷ ᠭᠠᠵᠠᠷ ᠤᠨ 8 ᠲᠤᠰᠬᠠᠢ ᠮᠡᠷᠭᠡᠵᠢᠯᠲᠡᠨ ᠡᠷᠳᠡᠮᠲᠡᠳ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠦᠨᠡᠨᠴᠢ ᠬᠡᠯᠡᠭᠰᠡᠨ ᠨᠢ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠴᠡᠴᠡᠭᠯᠡᠭᠦᠯᠦᠨ ᠬᠥᠭᠵᠢᠭᠦᠯᠬᠦ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ᠂ ᠡᠷᠳᠡᠮ ᠰᠢᠨᠵᠢᠯᠡᠭᠡᠨ ᠤ ᠤᠳᠤᠷᠢᠳᠤᠮᠵᠢ ᠪᠣᠯᠤᠨ ᠦᠷᠳᠡᠭ ᠤᠨ ᠬᠠᠨᠳᠤᠰᠢ ᠶᠢ ᠪᠠᠷᠢᠮᠲᠠᠯᠠᠬᠤ ᠶᠢ ᠪᠠᠲᠤᠯᠠᠬᠤ ᠬᠡᠷᠡᠭᠲᠡᠢ᠃ ᠵᠢᠭᠰᠠᠭᠠᠯ ᠤᠨ ᠭᠠᠵᠠᠷ ᠤᠨ ᠤᠬᠠᠮᠰᠠᠷ ᠢ ᠪᠤᠢ ᠪᠣᠯᠭᠠᠵᠤ᠂ ︽ᠦᠨᠳᠦᠰᠦ ᠪᠠᠨ ᠪᠤᠶᠢᠵᠢᠭᠤᠯᠵᠤ ᠰᠦᠭ ᠰᠦᠨᠡᠰᠦ ᠪᠠᠨ ᠱᠤᠭᠤᠬᠤ︾ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠬᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠨ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠵᠡᠭᠦᠨ ᠪᠠᠷᠠᠭᠤᠨ ᠲᠠᠯ᠎ᠠ ᠪᠠᠷ ᠢᠶᠠᠨ ᠬᠠᠮᠵᠢᠯᠴᠠᠵᠤ᠂ ᠪᠦᠬᠦ ᠠᠵᠢᠯᠳᠠᠨ ᠭᠠᠷ ᠬᠥᠳᠡᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号