ᠪᠦᠬᠦ ᠬᠤᠳᠠ ᠶᠢᠨ 2024 ᠣᠨ ᠤ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢᠨ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/6
     9 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ 2024 ᠣᠨ ᠤ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢᠨ ᠲᠤᠬᠠᠢ ᠶᠢᠨ ᠲᠠᠯᠠᠪᠤᠷ ᠤᠨ ᠰᠣᠯᠢᠯᠴᠠᠭᠠᠨ ᠤ ᠬᠤᠷᠠᠯ ᠬᠤᠷᠠᠯᠳᠤᠪᠠ᠃      ᠠᠵᠢᠯᠯᠠᠭ᠎ᠠ ᠶᠢᠨ ᠳᠤᠮᠳᠠ᠂ ᠬᠤᠯᠪᠤᠭᠳᠠᠯ ᠪᠥᠬᠦᠶ ᠠᠵᠤ ᠠᠬᠤᠶᠢᠯᠠᠯ ᠲᠡᠷᠢᠭᠦᠨ ᠤ ᠶᠠᠰᠤ ᠴᠢᠨᠠᠷ ᠤᠨ ᠲᠤᠰᠢᠶᠠᠯᠲᠠᠨ ᠤ ᠲᠦᠷᠢᠮ ᠤᠨ ᠪᠠᠶᠢᠭᠤᠯᠤᠯᠲᠠ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠵᠦ ᠬᠡᠯᠬᠢᠶ᠎ᠡ ᠪᠠᠨ ᠬᠦᠴᠦᠷᠬᠡᠭᠵᠢᠭᠦᠯᠬᠦ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠠᠵᠤ ᠠᠬᠤᠶᠢᠯᠠᠯ ᠤᠨ ᠲᠥᠯᠥᠭᠡᠯᠡᠭᠴᠢ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠪᠣᠯᠤᠨ ᠥᠪᠥᠷ ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠭᠵᠢᠯᠲᠡ ᠶᠢᠨ ᠪᠠᠶᠢᠳᠠᠯ ᠢ ᠲᠣᠭᠤᠷᠢᠨ ᠦᠵᠡᠪᠡ᠃      ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠤᠷᠰᠢᠯᠭ᠎ᠠ ᠪᠠᠨ ᠰᠣᠯᠢᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠦᠢᠯᠡᠳᠬᠦᠨ ᠤ ᠶᠠᠰᠤ ᠴᠢᠨᠠᠷ ᠪᠠ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠶᠠᠰᠤ ᠴᠢᠨᠠᠷ ᠤᠨ ᠬᠢᠷᠢ ᠲᠦᠪᠰᠢᠨ᠂ ᠣᠷᠣᠨ ᠪᠠᠶᠢᠷᠢ  ᠪᠠᠨ ᠳᠡᠭᠡᠭᠰᠢᠯᠡᠭᠦᠯᠬᠦ ᠶᠢ ᠳᠥᠯᠭᠢᠨ ᠠᠬᠢᠭᠤᠯᠬᠤ ᠪᠠ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号