ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠵᠦ᠂ | ᠡᠬᠡ ᠤᠯᠤᠰ ᠤᠨ ᠮᠡᠨᠳᠦᠯᠡᠭᠰᠡᠨ ᠪᠠᠶᠠᠷ ᠢ ᠬᠠᠮᠲᠤ ᠪᠠᠷ ᠪᠡᠯᠭᠡᠯᠡᠬᠦ᠂ ᠡᠬᠡ ᠤᠯᠤᠰ ᠤᠨ ᠢᠷᠠᠭᠤ ᠠᠯᠳᠠᠷ ᠢ ᠬᠠᠮᠲᠤ ᠪᠠᠷ | ᠡᠳ᠋ᠯᠡᠬᠦ᠂ ᠪᠥᠬᠦᠳᠡ ᠨᠠᠶᠢᠷᠠᠮᠳᠠᠬᠤ ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠠᠯᠠᠭᠤᠨ ᠠᠭᠤᠷ ᠠᠮᠢᠰᠬᠤᠯ ᠢ | ᠶᠡᠬᠡᠪᠡᠷ ᠪᠤᠢ ᠪᠣᠯᠭᠠᠬᠤ ᠶᠢᠨ ᠲᠦᠯᠦᠭᠡ᠂ 9 ᠰᠠᠷ᠎ᠠ ᠶᠢᠨ 7 ᠤ ᠡᠳᠦᠷ ᠠᠴᠠ 10 ᠰᠠᠷ᠎ᠠ ᠶᠢᠨ 7 ᠤ ᠡᠳᠦᠷ ᠪᠣᠯᠲᠠᠯ᠎ᠠ᠂ | ᠮᠠᠨ ᠤ ᠬᠤᠲᠠ ︽ᠡᠬᠡ ᠤᠯᠤᠰ ᠢᠶᠠᠨ ᠮᠠᠭᠳᠠᠨ ᠲᠠᠭᠤᠯᠠᠵᠤ ᠤᠮᠠᠷᠠᠲᠤ ᠬᠢᠯᠢ ᠪᠠᠨ ᠰᠠᠶᠢᠰᠢᠶᠠᠨ ᠤᠶᠠᠩᠭᠠᠯᠠᠶᠡ︾ | ᠬᠡᠬᠦ ᠪᠠᠷ ᠭᠤᠤᠯ ᠰᠡᠳᠦᠪ ᠪᠣᠯᠭᠠᠵᠤ᠂ ᠪᠦᠬᠦ ᠬᠤᠲᠠ ᠶᠢᠨ ᠬᠡᠪᠴᠢᠶᠡᠨ ᠳᠤ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠪᠦᠬᠦ ᠬᠤᠲᠠ ᠶᠢᠨ ᠣᠯᠠᠨ ᠲᠦᠮᠡᠨ ᠤ ᠰᠣᠶᠣᠯ ᠤᠨ ᠰᠢᠷᠢᠰ | ᠠᠵᠢᠯᠯᠠᠭ᠎ᠠ ᠥᠷᠨᠢᠭᠦᠯᠬᠦ ᠪᠣᠯᠤᠨ᠎ᠠ᠃ | 9 ᠰᠠᠷ᠎ᠠ ᠶᠢᠨ 7 ᠤ ᠦᠳᠡ ᠶᠢᠨ ᠡᠮᠦᠨ᠎ᠡ᠂ ︽ᠡᠬᠡ ᠤᠯᠤᠰ ᠢᠶᠠᠨ ᠮᠠᠭᠳᠠᠨ ᠲᠠᠭᠤᠯᠠᠵᠤ ᠤᠮᠠᠷᠠᠲᠤ ᠬᠢᠯᠢ | ᠪᠠᠨ ᠰᠠᠶᠢᠰᠢᠶᠠᠨ ᠤᠶᠠᠩᠭᠠᠯᠠᠶᠡ︾ ᠭᠡᠬᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ | ᠪᠡᠯᠭᠡᠯᠡᠬᠦ ᠪᠦᠬᠦ ᠬᠤᠲᠠ ᠶᠢᠨ ᠣᠯᠠᠨ ᠲᠦᠮᠡᠨ ᠤ ᠰᠣᠶᠣᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠬᠤᠲᠠ ᠶᠢᠨ ᠠᠷᠠᠳ ᠤᠨ ᠴᠡᠴᠡᠷᠯᠢᠭ ᠤᠨ ᠬᠤᠶᠢᠲᠤ ᠡᠭᠦᠳᠡᠨ ᠳᠤ ᠶᠠᠪᠤᠭᠳᠠᠬᠤ ᠪᠣᠯᠤᠨ᠎ᠠ᠃ ︽ᠡᠬᠡ ᠤᠯᠤᠰ ᠢᠶᠠᠨ | ᠮᠠᠭᠳᠠᠵᠣ ᠤᠮᠠᠷᠠᠲᠤ ᠬᠢᠯᠢ ᠪᠠᠨ ᠤᠶᠠᠩᠭᠠᠯᠠᠶ᠎ᠠ︾ ᠬᠡᠬᠦ ᠪᠦᠬᠦ ᠠᠷᠠᠳ ᠤᠨ ᠤᠩᠰᠢᠯᠭ᠎ᠠ ᠶᠢᠨ ᠲᠤᠰᠬᠠᠢ ᠠᠵᠢᠯᠯᠠᠭ᠎ᠠ᠂ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠶ᠎ᠡ— ︽ᠨᠠᠮ ᠤᠨ ᠠᠴᠢ ᠶᠢ | ᠬᠠᠷᠢᠭᠤᠯᠵᠤ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠡᠬᠦᠷᠢᠳᠡ ᠲᠠᠭᠠᠬᠤ︾ ᠤᠯᠠᠨ ᠲᠦᠮᠡᠨᠴᠢ ᠬᠥᠮᠦᠵᠢᠯ᠂ | ︽ᠤᠯᠤᠰ ᠤᠨ ᠪᠠᠶᠠᠷ ᠢ ᠪᠡᠯᠭᠡᠯᠡᠵᠦ ᠮᠡᠨᠳᠦᠯᠡᠭᠰᠡᠨ ᠡᠳᠦᠷ ᠢ ᠴᠢᠨᠢ ᠮᠠᠭᠳᠠᠨ ᠲᠠᠭᠤᠯᠠᠶ᠎ᠠ︾ ᠭᠡᠬᠦ ᠲᠤᠰᠬᠠᠢ ᠤᠷᠠᠨ | ᠰᠠᠶᠢᠬᠠᠨ ᠤ ᠲᠣᠭᠯᠠᠯᠲᠠ ᠵᠡᠷᠭᠡ ᠠᠵᠢᠯᠯᠠᠭ᠎ᠠ ᠴᠤ ᠵᠠᠯᠭᠠᠭ᠎ᠠ ᠪᠠᠷ ᠶᠠᠪᠤᠭᠳᠠᠬᠤ ᠪᠣᠯᠤᠨ᠎ᠠ᠃ |