1 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠦᠬᠠᠶ ᠬᠤᠲᠠ ᠶᠢᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠳᠤ | ᠣᠷᠣᠯᠴᠠᠭᠰᠠᠨ ᠲᠥᠯᠥᠭᠡᠯᠡᠭᠴᠢᠳ ᠳᠤᠭᠤᠶᠢᠯᠠᠩ ᠬᠤᠪᠢᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠪᠠ ᠰᠢᠬᠦᠬᠦ ᠪᠠᠶᠢᠴᠠᠭᠠᠬᠤ ᠬᠤᠶᠠᠷ ᠬᠤᠷᠢᠶᠠᠨ ᠤ | ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ | ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠲᠤᠬᠠᠢ ᠶᠢᠨ | ᠲᠠᠯᠠᠪᠠᠢ ᠳᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢᠯᠡᠳᠭᠡᠯ | ︵ᠮᠡᠳᠡᠭᠦᠯᠦᠯᠲᠡ︶ ᠤᠨ ᠠᠭᠤᠯᠭ᠎ᠠ ᠶᠢᠨ ᠲᠣᠭᠤᠷᠢᠨ ᠳᠤ ᠥᠪᠡᠷ ᠤᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ | ᠪᠤᠳᠤᠭᠰᠠᠨ ᠢᠶᠠᠨ ᠠᠭᠤᠵᠢᠷᠠᠲᠠᠯ᠎ᠠ ᠶᠠᠷᠢᠪᠠ᠃ ᠲᠥᠯᠥᠭᠡᠯᠡᠭᠴᠢᠳ ᠰᠠᠨᠠᠯ ᠨᠢᠭᠡᠲᠡᠢ ᠦᠵᠡᠭᠰᠡᠨ ᠨᠢ᠂ ᠭᠤᠷᠪᠠᠨ ᠢᠯᠡᠳᠬᠡᠯ | ︵ᠮᠡᠳᠡᠭᠦᠯᠦᠯᠲᠡ︶ ᠤᠨ ᠭᠤᠣᠯ ᠰᠡᠳᠦᠪ ᠲᠣᠳᠣᠷᠬᠠᠢ᠂ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠠᠷᠠᠳ | ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠪᠠᠶᠢᠭᠤᠯᠤᠯ ᠤᠨ ᠳᠠᠪᠠᠭᠤᠯᠢᠭ ᠢᠶᠠᠨ ᠢᠯᠡᠷᠡᠭᠦᠯᠵᠦ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠢᠯᠡᠷᠡᠭᠦᠯᠵᠦ᠂ | ᠬᠠᠤᠯᠢᠵᠢᠯ ᠤᠨ ᠬᠦᠴᠦᠨ ᠢ ᠲᠤᠪᠤᠶᠢᠯᠭᠠᠵᠠᠢ ᠭᠡᠵᠡᠢ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ | ᠢᠯᠡᠳᠭᠡᠯ ᠢ ᠬᠢᠨᠠᠨ ᠵᠥᠪᠯᠡᠬᠦ ᠳᠡᠭᠡᠨ᠂ ᠲᠦᠯᠦᠭᠡᠯᠡᠭᠴᠢᠳ ᠦᠵᠡᠭᠰᠡᠨ ᠨᠢ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠭᠤᠤᠯ ᠰᠡᠳᠦᠪ | ᠲᠣᠪᠤᠶᠢᠮ᠎ᠠ᠂ ᠠᠭᠤᠯᠭ᠎ᠠ ᠨᠠᠷᠢᠨ ᠪᠣᠳᠠᠲᠠᠶ᠂ ᠠᠵᠢᠯ ᠢᠶᠠᠨ ᠪᠤᠰᠤᠳᠴᠢ ᠪᠥᠭᠡᠳ ᠪᠦᠬᠦ ᠲᠠᠯ᠎ᠠ ᠪᠠᠷ ᠳ᠋ᠦᠩᠨᠡᠵᠦ᠂ | ᠠᠵᠢᠯ ᠤᠨ ᠰᠡᠳᠬᠢᠴᠡ ᠲᠣᠳᠣᠷᠬᠠᠶ᠂ ᠠᠷᠭ᠎ᠠ ᠬᠡᠮᠵᠢᠶ᠎ᠡ ᠴᠢᠩᠭ᠎ᠠ ᠪᠠᠶᠢᠵᠤ᠂ ᠮᠠᠰᠢ ᠴᠢᠩᠭ᠎ᠠ ᠤᠯᠤᠰ ᠲᠥᠷᠦ ᠶᠢᠨ ᠴᠢᠨᠠᠷ᠂ | ᠦᠵᠡᠯ ᠰᠠᠨᠠᠭᠠᠴᠢ ᠴᠢᠨᠠᠷ ᠪᠠ ᠠᠵᠢᠯᠯᠠᠭᠠᠨ ᠤ ᠴᠢᠨᠠᠷ ᠲᠠᠢ ᠪᠠᠶᠢᠵᠤ᠂ ᠲᠥᠯᠥᠭᠡᠯᠡᠭᠴᠢᠳ ᠤᠨ ᠦᠢᠯᠡᠳᠦᠯ ᠢ ᠨᠢ | ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ | ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ ᠭᠡᠵᠡᠢ᠃ | ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ | ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠬᠦ ᠳᠡᠭᠡᠨ᠂ | ᠲᠥᠯᠥᠭᠡᠯᠡᠭᠴᠢᠳ ᠦᠵᠡᠭᠰᠡᠨ ᠨᠢ᠂ ᠰᠢᠬᠦᠬᠦ ᠪᠠᠶᠢᠴᠠᠭᠠᠬᠤ ᠬᠤᠶᠠᠷ ᠬᠤᠷᠢᠶᠠᠨ ᠤ ᠠᠵᠢᠯ ᠤᠨ ᠮᠡᠳᠡᠭᠦᠯᠦᠯᠲᠡ ᠨᠢ | ᠠᠷᠠᠳ ᠤᠨ ᠠᠮᠢᠳᠤᠷᠠᠯ ᠤᠨ ᠠᠩᠬᠠᠷᠤᠯ ᠲᠠᠢ ᠨᠢᠭᠲᠠ ᠤᠶᠠᠯᠳᠤᠭᠤᠯᠤᠨ᠂ ᠬᠢᠯᠠᠰ ᠴᠡᠭ ᠣᠯᠠᠨ᠂ ᠠᠮᠵᠢᠯᠲᠠ ᠪᠣᠳᠠᠲᠠᠶ | ᠪᠠᠶᠢᠵᠤ᠂ ᠥᠩᠭᠡᠷᠡᠭᠰᠡᠨ ᠨᠢᠭᠡ ᠵᠢᠯ ᠤᠨ ᠲᠤᠷᠰᠢᠬᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ | ᠠᠮᠵᠢᠯᠲᠠ ᠪᠦᠲᠦᠮᠵᠢ ᠶᠢ ᠡᠷᠭᠢᠴᠡᠭᠦᠯᠦᠨ ᠳ᠋ᠦᠩᠨᠡᠭᠰᠡᠨ ᠮᠥᠷᠲᠡᠭᠡᠨ ᠪᠠᠰᠠ 2025 ᠣᠨ ᠤ ᠠᠵᠢᠯ ᠤᠨ ᠰᠡᠳᠬᠢᠮᠵᠢ | ᠪᠠᠨ ᠲᠣᠳᠣᠷᠬᠠᠶᠢᠯᠠᠵᠤ᠂ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠲᠥᠪ ᠭᠤᠤᠯᠴᠢ ᠰᠢᠳᠤᠷᠭᠤ ᠶᠣᠰᠣ ᠶᠢ | ᠢᠯᠡᠷᠡᠭᠦᠯᠬᠦ᠂ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠢ ᠳᠠᠮᠵᠢᠭᠤᠯᠤᠭᠰᠠᠨ ᠰᠠᠶᠢᠨ ᠮᠡᠳᠡᠭᠦᠯᠦᠯᠲᠡ ᠪᠣᠯᠤᠨ᠎ᠠ | ᠭᠡᠵᠡᠢ᠃ ᠲᠥᠯᠥᠭᠡᠯᠡᠭᠴᠢᠳ ᠢᠯᠡᠷᠭᠡᠶᠢᠯᠡᠭᠰᠡᠨ ᠨᠢ᠂ ︽ᠬᠤᠶᠠᠷ ᠬᠤᠷᠢᠶ᠎ᠠ︾ ᠬᠤᠶᠢᠰᠢᠳᠠ ᠶᠢᠨ ᠠᠵᠢᠯ ᠤᠨ ᠳᠤᠮᠳᠠ ᠪᠠᠨ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠬᠤ ᠪᠠᠷ ᠦᠷᠭᠦᠯᠵᠢᠯᠡᠨ ᠬᠦᠴᠦᠯᠡᠬᠦ ᠴᠢᠭ ᠪᠣᠯᠭᠠᠵᠤ᠂ | ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠪᠦᠲᠦᠮᠵᠢᠲᠡᠢ ᠬᠠᠮᠠᠭᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠬᠦᠴᠦᠲᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ |