1 ᠰᠠᠷ᠎ᠠ ᠶᠢᠨ 9 ᠤ ᠡᠳᠦᠷ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ | ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠷᠠᠯ ᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠡᠷᠭᠢᠯᠡᠪᠡ᠃ | ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 35 ᠬᠥᠮᠦᠨ᠂ ᠲᠤᠰ | ᠣᠳᠠᠭᠠᠨ ᠤ ᠬᠤᠷᠠᠯ ᠳᠤ 33 ᠬᠥᠮᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠪᠡ᠃ | ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠵᠧᠤ ᠶᠢᠨ ᠰᠢᠩ᠂ ᠼᠦᠢ ᠵᠢᠩ ᠶᠢᠩ᠂ | ᠹᠧᠩ ᠰᠢᠤᠸᠠᠢ ᠲᠤᠤ᠂ ᠯᠢ ᠠᠩ᠂ ᠪᠠᠢ ᠬᠠᠢ ᠿᠦᠩ᠂ ᠸᠠᠩ ᠶᠢᠨ᠂ ᠸᠧᠢ ᠠᠢ ᠯᠢᠨ᠂ ᠴᠡᠩᠬᠡᠯ᠂ ᠰᠦᠩ ᠶᠤᠸᠠᠢ ᠰᠢᠶᠠ᠂ | ᠿᠧᠨ ᠵᠢᠢ ᠬᠤᠸᠠ᠂ ᠲᠢᠶᠠᠨ ᠵᠦ ᠶᠦᠨ ᠬᠤᠷᠠᠯ ᠳᠤ ᠣᠷᠣᠯᠴᠠᠪᠠ᠃ | ᠬᠤᠷᠠᠯ ᠠᠴᠠ ᠲᠥᠯᠥᠭᠡᠯᠡᠭᠴᠢᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠲᠥᠯᠥᠪᠯᠡᠭᠡ ᠪᠠ | ᠲᠥᠰᠦᠪ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠶᠡᠭᠡ ᠬᠤᠷᠠᠯ ᠤᠨ ᠨᠠᠷᠢᠨ ᠪᠢᠴᠢᠭ ᠤᠨ | ᠭᠠᠵᠠᠷ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠬᠢᠨᠠᠨ ᠵᠦᠪᠯᠡᠭᠰᠡᠨ ᠰᠠᠨᠠᠯ ᠢᠶᠠᠨ ᠵᠠᠰᠠᠭ ᠤᠨ ᠣᠷᠳᠣᠨ ᠤ | ᠪᠠᠶᠢᠭᠤᠯᠭ᠎ᠠ ᠳᠤ ᠰᠢᠯᠵᠢᠭᠦᠯᠦᠨ ᠵᠠᠰᠠᠪᠤᠷᠢ ᠣᠷᠣᠭᠤᠯᠬᠤ ᠪᠠ ᠬᠤᠯᠪᠣᠭᠳᠠᠯ ᠪᠦᠬᠦᠢ ᠢᠯᠡᠳᠭᠡᠯ ᠢᠶᠠᠨ | ᠲᠡᠭᠦᠯᠳᠡᠷᠵᠢᠭᠦᠯᠬᠦ ᠪᠠᠷ ᠲᠣᠭᠲᠠᠪᠠ︔ ᠲᠥᠯᠥᠭᠡᠯᠡᠭᠴᠢᠳ ᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠪᠠ ᠰᠢᠭᠦᠬᠦ ᠪᠠᠶᠢᠴᠠᠭᠠᠬᠤ ᠬᠤᠶᠠᠷ ᠬᠤᠷᠢᠶᠠᠨ ᠤ | ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠶᠡᠭᠡ ᠬᠤᠷᠠᠯ ᠤᠨ ᠨᠠᠷᠢᠨ ᠪᠢᠴᠢᠭ ᠤᠨ | ᠭᠠᠵᠠᠷ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠵᠥᠪᠯᠡᠭᠰᠡᠨ ᠰᠠᠨᠠᠯ ᠪᠠ ᠰᠠᠨᠠᠭᠤᠯᠭ᠎ᠠ ᠶᠢ ᠭᠤᠷᠪᠠᠨ | ᠪᠠᠶᠢᠭᠤᠯᠭ᠎ᠠ ᠳᠤ ᠲᠤᠰ ᠲᠤᠰ ᠰᠢᠯᠵᠢᠭᠦᠯᠦᠨ ᠲᠤᠰᠢᠶᠠᠵᠤ ᠰᠤᠳᠤᠯᠤᠨ ᠰᠢᠢᠳᠪᠦᠷᠢᠯᠡᠭᠦᠯᠬᠦ ᠪᠠᠷ ᠲᠣᠭᠲᠠᠪᠠ᠃ | ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ | ᠠᠵᠤ ᠠᠬᠤᠶ ᠶᠢᠨ ᠵᠥᠪᠯᠡᠯ ᠤᠨ ᠲᠥᠯᠥᠪᠯᠡᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ | ᠲᠥᠰᠦᠪ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠵᠢᠴᠢ ᠲᠥᠯᠥᠭᠡᠯᠡᠭᠴᠢᠳ ᠤᠨ | ᠵᠥᠪᠯᠡᠯᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ | ᠪᠠᠶᠢᠴᠠᠭᠠᠬᠤ ᠵᠦᠪᠯᠡᠯ ᠤᠨ ᠮᠡᠳᠡᠭᠦᠯᠦᠯᠲᠡ ᠶᠢ ᠰᠣᠨᠣᠰᠴᠤ᠂ ᠬᠢᠨᠠᠨ ᠵᠦᠪᠯᠡᠵᠦ ᠪᠠᠲᠤᠯᠠᠭᠠᠳ᠂ ᠳᠡᠭᠡᠷ᠎ᠡ ᠳᠤᠷᠠᠳᠤᠭᠰᠠᠨ | ᠭᠤᠷᠪᠠᠨ ᠮᠡᠳᠡᠭᠦᠯᠦᠯᠲᠡ ᠶᠢ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃ ᠶᠡᠭᠡ | ᠬᠤᠷᠠᠯ ᠤᠨ ᠵᠣᠬᠢᠶᠠᠨ ᠪᠠᠶᠢᠭᠤᠯᠬᠤ ᠳᠤᠭᠤᠶᠢᠯᠠᠩ ᠤᠨ ᠲᠥᠯᠥᠭᠡᠯᠡᠭᠴᠢᠳ ᠤᠨ ᠲᠡᠷᠢᠭᠦᠯᠡᠭᠴᠢᠳ ᠤᠨ ᠪᠦᠯᠬᠦᠮ ᠤᠨ | ᠡᠯ᠎ᠡ ᠵᠦᠢᠯ ᠤᠨ ᠵᠢᠱᠢᠭᠳᠡᠭᠴᠢ ᠶᠢᠨ ᠨᠡᠷᠡᠰ ᠢ ᠳᠤᠷᠠᠳᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠵᠢᠩᠬᠢᠨᠢ ᠵᠢᠱᠢᠭᠳᠡᠭᠴᠢ ᠶᠢᠨ ᠨᠡᠷᠡᠰ ᠢ ᠲᠣᠭᠲᠠᠭᠠᠵᠤ᠂ ᠵᠢᠩᠬᠢᠨᠢ ᠵᠢᠱᠢᠭᠳᠡᠭᠴᠢ ᠶᠢᠨ ᠨᠡᠷᠡᠰ ᠢ ᠪᠥᠬᠦ | ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠵᠦ᠂ ᠶᠡᠭᠡ ᠬᠤᠷᠠᠯ ᠳᠤ ᠳᠡᠪᠰᠢᠭᠦᠯᠵᠦ | ᠰᠣᠩᠭᠤᠭᠤᠯᠢ ᠬᠢᠯᠭᠡᠪᠡ︔ ᠶᠡᠷᠦᠩᠬᠡᠶ ᠪᠢᠯᠧᠲ ᠬᠢᠨᠠᠭᠴᠢ᠂ ᠳᠡᠳ᠋ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ | ᠨᠡᠷᠡᠰ ︵ᠲᠥᠰᠦᠯ︶ ᠢ ᠪᠠᠲᠤᠯᠠᠵᠤ᠂ ᠪᠥᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ | ᠳᠡᠪᠰᠢᠭᠦᠯᠵᠦ ᠪᠠᠲᠤᠯᠠᠭᠤᠯᠪᠠ︔ ᠡᠯ᠎ᠡ ᠵᠦᠢᠯ ᠤᠨ ᠠᠵᠢᠯ ᠤᠨ ᠢᠯᠡᠳᠭᠡᠯ ︵ᠮᠡᠳᠡᠭᠦᠯᠦᠯᠲᠡ︶ ᠤᠨ ᠰᠢᠢᠳᠪᠦᠷᠢ | ︵ᠲᠥᠰᠦᠯ︶ ᠶᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠪᠥᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ | ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠪᠠ᠃ |