【ᠬᠤᠶᠠᠷ ᠬᠤᠷᠠᠯ】ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠲᠡᠭᠦᠰᠪᠡ  ᠵᠧᠤ ᠶᠢᠨ ᠰᠢᠩ   ᠼᠦᠢ ᠵᠢᠩ ᠶᠢᠩ  ᠯᠢ ᠴᠦᠨ ᠰᠢᠶᠤᠤ ᠬᠤᠷᠠᠯ ᠳᠤ ᠣᠷᠣᠯᠴᠠᠵᠤ  ᠹᠧᠩ ᠰᠢᠤᠸᠠᠢ ᠲᠤᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/1/10

    ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠠᠪᠤᠳᠤᠭᠠᠷ ᠣᠳᠠᠭᠠᠨ ᠤ ᠬᠤᠷᠠᠯ 1 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠲᠡᠭᠦᠰᠪᠡ᠃ ︵ᠱᠢ ᠯᠢ

ᠽᠧᠩ   ᠭᠤᠤ ᠿᠦᠢ ᠫᠧᠩ ᠰᠡᠭᠦᠳᠡᠷᠯᠡᠪᠡ︶

     ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠠᠪᠤᠳᠤᠭᠠᠷ ᠣᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ

ᠳᠠᠷᠠᠭ᠎ᠠ᠂ 1 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠲᠡᠭᠦᠰᠪᠡ᠃

     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ

ᠲᠡᠷᠢᠭᠦᠯᠡᠭᠴᠢ ᠹᠧᠩ ᠰᠢᠤᠸᠠᠢ ᠲᠤᠤ᠂ ᠪᠠᠢ ᠬᠠᠢ ᠿᠦᠩ᠂ ᠸᠠᠩ ᠶᠢᠨ᠂ ᠸᠧᠢ ᠠᠢ ᠯᠢᠨ᠂ ᠴᠡᠩᠬᠡᠯ᠂ ᠰᠦᠩ ᠶᠤᠸᠠᠢ

ᠰᠢᠶᠠ᠂ ᠿᠧᠨ ᠵᠢᠢ ᠬᠤᠸᠠ᠂ ᠲᠢᠶᠠᠨ ᠵᠦ ᠶᠦᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃

     ᠵᠧᠦ ᠶᠢᠨ ᠰᠢᠩ᠂ ᠼᠦᠢ ᠵᠢᠩ ᠶᠢᠩ᠂ ᠯᠢ ᠴᠦᠨ ᠰᠢᠶᠤᠤ᠂ ᠯᠢ ᠠᠩ᠂ ᠶᠠᠨ ᠳ᠋ᠦᠩ᠂ ᠮᠧᠩ ᠫᠸᠢ ᠶᠦᠨ᠂

ᠭᠦᠸᠧ ᠢ ᠵᠢᠶᠧ᠂ ᠸᠠᠩ ᠶᠦᠨ ᠾᠧᠩ᠂ ᠶᠠᠨ ᠱᠤᠸᠠᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃

     ᠹᠧᠩ ᠰᠢᠤᠸᠠᠢ ᠲᠤᠤ ᠲᠡᠭᠦᠰᠬᠦ ᠬᠤᠷᠠᠯ ᠢ ᠡᠷᠬᠢᠯᠡᠪᠡ᠃

     ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠠᠪᠤᠳᠤᠭᠠᠷ ᠣᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 242 ᠬᠥᠮᠦᠨ᠂ ᠲᠤᠰ ᠣᠳᠠᠭᠠᠨ ᠤ

ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 222 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ

ᠲᠤᠭ᠎ᠠ ᠳᠤ ᠨᠡᠶᠢᠴᠡᠪᠡ᠃

     ᠬᠤᠷᠠᠯ ᠠᠴᠠ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠢ

ᠰᠢᠢᠳᠪᠦᠷᠢ᠂ ᠦᠬᠠᠢ ᠬᠤᠳᠠ ᠶᠢᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ

ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ 2025 ᠣᠨ ᠤ ᠤᠯᠤᠰ ᠠᠷᠠᠳ ᠤᠨ ᠠᠵᠤ

ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠦᠬᠠᠢ ᠬᠤᠳᠠ ᠶᠢᠨ 2024

ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2025 ᠣᠨ ᠤ ᠪᠦᠬᠦ ᠬᠤᠳᠠ ᠵᠢᠴᠢ ᠬᠤᠳᠠ ᠶᠢᠨ ᠲᠤᠰ

ᠱᠠᠲᠤᠨ ᠤ ᠲᠥᠰᠦᠪ ᠤᠨ ᠲᠤᠬᠠᠢ ᠰᠢᠢᠳᠪᠦᠷᠢ᠂ ᠦᠬᠠᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠲᠤᠬᠠᠢ ᠰᠢᠢᠳᠪᠦᠷᠢ᠂ ᠦᠬᠠᠢ ᠬᠤᠳᠠ ᠶᠢᠨ

ᠠᠷᠠᠳ ᠤᠨ ᠰᠢᠬᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠦᠬᠠᠢ ᠬᠤᠳᠠ ᠶᠢᠨ

ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃

     ᠡᠯ᠎ᠡ ᠵᠦᠢᠯ ᠤᠨ ᠵᠥᠪᠯᠡᠬᠦ ᠵᠦᠢᠯᠡᠰ ᠢᠶᠠᠨ ᠳᠠᠭᠤᠰᠬᠠᠭᠰᠠᠨ ᠤ ᠳᠠᠷᠠᠭ᠎ᠠ᠂ ᠹᠧᠩ ᠰᠢᠤᠸᠠᠢ ᠲᠤᠤ ᠶᠠᠷᠢᠶ᠎ᠠ

ᠲᠠᠯᠪᠢᠪᠠ᠃ ᠲᠡᠷᠡ ᠬᠡᠯᠡᠭᠰᠡᠨ ᠨᠢ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠦᠬᠦ ᠬᠤᠳᠠ ᠶᠢᠨ

ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠪᠦᠷᠯᠡᠨ᠂ ᠴᠤᠭ ᠵᠢᠪᠬᠤᠭ᠎ᠠ

ᠪᠠᠳᠠᠷᠠᠩᠭᠤᠢ ᠪᠠᠷ ᠬᠤᠷᠠᠯ ᠳᠤ ᠣᠷᠣᠯᠴᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠢᠯᠡᠳᠭᠡᠯ ︵ᠮᠡᠳᠡᠭᠦᠯᠦᠯᠲᠡ︶ ᠢ

ᠬᠢᠨᠠᠨ ᠵᠥᠪᠯᠡᠵᠦ᠂ ᠲᠥᠪ ᠴᠢᠩᠭ᠎ᠠ ᠨᠠᠷᠢᠨ ᠬᠢᠨᠠᠮᠠᠭᠠᠢ ᠪᠠᠷ ᠰᠣᠩᠭᠤᠭᠤᠯᠢ ᠳᠤ ᠣᠷᠣᠯᠴᠠᠵᠤ᠂ ᠲᠥᠯᠥᠭᠡᠯᠡᠭᠴᠢ ᠶᠢᠨ

ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠠᠷᠠᠳᠴᠢᠯᠠᠯ ᠤᠨ ᠡᠷᠬᠡ ᠪᠠᠨ ᠲᠥᠪ ᠴᠢᠩᠭ᠎ᠠ ᠪᠠᠷ

ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠴᠢᠩᠭ᠎ᠠ ᠡᠭᠦᠷᠭᠡ ᠬᠠᠷᠢᠭᠤᠴᠠᠯᠭ᠎ᠠ ᠶᠢ

ᠢᠯᠡᠷᠡᠭᠦᠯᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ

ᠪᠠᠶᠢᠳᠠᠯ ᠢᠶᠠᠨ ᠢᠯᠡᠷᠡᠭᠦᠯᠪᠡ᠃ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠡᠯ᠎ᠡ ᠵᠦᠢᠯ ᠤᠨ ᠢᠯᠡᠳᠬᠡᠯ

︵ᠮᠡᠳᠡᠬᠦᠯᠦᠯᠳᠡ︶ ᠪᠣᠯᠣᠨ ᠰᠢᠢᠳᠪᠦᠷᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠬᠤᠷᠢᠳᠤᠭᠠᠷ

ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ᠂ ᠬᠤᠳᠠ ᠶᠢᠨ ᠨᠠᠮ ᠤᠨ

ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ

ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠲᠥᠯᠥᠭᠡᠯᠡᠭᠴᠢᠳ ᠤᠨ ᠬᠠᠮᠲᠤ ᠶᠢᠨ ᠤᠶᠤᠨ ᠤᠬᠠᠭᠠᠨ ᠢ

ᠨᠢᠭᠲᠠᠷᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠤ ᠬᠠᠮᠲᠤ ᠶᠢᠨ ᠬᠦᠰᠡᠯ ᠰᠠᠨᠠᠭ᠎ᠠ ᠶᠢ ᠢᠯᠡᠷᠡᠭᠦᠯᠪᠡ ᠭᠡᠵᠡᠢ᠃

     ᠹᠧᠩ ᠰᠢᠤᠸᠠᠢ ᠲᠤᠤ ᠬᠡᠯᠡᠭᠰᠡᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ

ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ

ᠮᠥᠨ᠃ ᠪᠦᠬᠦ ᠬᠤᠳᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠮᠠᠭᠲᠠ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ

ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠤᠨ ᠭᠤᠣᠯ ᠰᠢᠵᠢᠮ

ᠪᠣᠯᠭᠠᠵᠤ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠣᠳᠠᠭᠠᠨ ᠤ ᠪᠦᠬᠦᠳᠡ

ᠬᠤᠷᠠᠯ ᠠᠴᠠ ᠲᠣᠭᠲᠠᠭᠠᠭᠰᠠᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠪᠣᠯᠤᠨ ᠲᠤᠰ ᠣᠳᠠᠭᠠᠨ ᠤ ᠶᠡᠭᠡ

ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂

ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ᠂ ᠲᠣᠮᠢᠯᠠᠵᠤ ᠪᠠᠭᠤᠯᠭᠠᠬᠤ᠂ ᠲᠥᠯᠥᠭᠡᠯᠡᠭᠴᠢ ᠵᠡᠷᠭᠡ ᠡᠯ᠎ᠡ ᠵᠦᠢᠯ ᠤᠨ

ᠠᠵᠢᠯ ᠢᠶᠠᠨ ᠵᠥᠪ ᠪᠦᠲᠦᠮᠵᠢᠲᠡᠢ ᠬᠠᠤᠯᠢ ᠶᠣᠰᠣᠭᠠᠷ ᠰᠠᠶᠢᠲᠤᠷ ᠬᠢᠵᠦ᠂ ᠬᠤᠳᠠ ᠶᠢᠨ ᠨᠠᠮ ᠤᠨ ᠬᠤᠷᠢᠶ᠎ᠠ

ᠪᠠᠶᠢᠷᠢᠯᠠᠭᠤᠯᠤᠯᠲᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠭ᠎ᠠ ᠲᠠᠢ᠂ ᠬᠤᠳᠠ ᠶᠢᠨ

ᠨᠠᠮ ᠤᠨ ᠬᠤᠷᠢᠶ᠎ᠠ ᠱᠠᠭᠠᠷᠳᠠᠯᠭ᠎ᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠳᠬᠦᠯ ᠴᠢᠷᠮᠠᠶᠢᠯᠭ᠎ᠠ

 ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ

ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ

ᠪᠠᠶᠠᠯᠢᠭᠵᠢᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠤᠯ ᠪᠢᠳᠡᠨ ᠳᠤ ᠴᠤᠤᠷᠢᠶᠠᠳᠣᠯᠭ᠎ᠠ ᠲᠠᠢ᠂ ᠠᠷᠠᠳ

ᠲᠦᠮᠡᠨ ᠬᠦᠰᠡᠯ ᠡᠷᠡᠮᠡᠯᠵᠡᠯ ᠲᠠᠢ ᠪᠤᠯ ᠪᠢᠳᠡᠨ ᠳᠤ ᠠᠵᠢᠯᠯᠠᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠦᠬᠦ

ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠢᠷᠠᠭᠤ

ᠠᠯᠳᠠᠷᠲᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠥᠭᠵᠢᠯᠲᠡ ᠶᠢᠨ ᠬᠡᠷᠡᠭᠴᠡᠭᠡ᠂

ᠥᠭᠡᠷᠡᠴᠢᠯᠡᠯᠲᠡ ᠶᠢᠨ ᠪᠠᠴᠢᠮ ᠪᠠᠶᠢᠳᠠᠯ᠂ ᠣᠯᠠᠨ ᠲᠦᠮᠡᠨ ᠤ ᠬᠦᠰᠡᠯ ᠡᠷᠡᠮᠡᠯᠵᠡᠯ᠂ ᠠᠷᠠᠳ ᠤᠨ ᠰᠡᠳᠬᠢᠯ ᠤᠨ

ᠬᠠᠨᠳᠤᠰᠢ ᠶᠢ ᠴᠢᠩᠭ᠎ᠠ ᠠᠩᠬᠠᠷᠴᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠢ ᠨᠠᠷᠢᠨ ᠬᠢᠨᠠᠮᠠᠭᠠᠶ

ᠰᠣᠨᠣᠰᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠣᠯᠠᠨ

ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠵᠣ᠂ ︽ᠲᠠᠪᠤᠨ ᠥᠯᠢᠭᠡᠷ

ᠳᠠᠭᠤᠷᠢᠶᠠᠯ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠣᠶᠤᠨ ᠤᠬᠠᠭᠠᠨ ᠬᠦᠴᠦᠨ

ᠴᠢᠳᠠᠯ ᠢ ᠮᠠᠨ ᠤ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠬᠠᠷᠠᠯᠲᠠ ᠳᠡᠭᠡᠷ᠎ᠡ ᠨᠢᠭᠲᠠᠷᠠᠭᠤᠯᠵᠤ᠂ ᠪᠥᠬᠦ

ᠬᠤᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠶ ᠣᠷᠣᠯᠴᠠᠵᠤ᠂

︽ᠠᠤᠭ᠎ᠠ ᠦᠢᠯᠡᠰ ᠪᠦᠲᠦᠭᠡᠵᠦ ᠴᠢᠳᠠᠬᠤ︾ ᠰᠢᠨ᠎ᠡ ᠴᠠᠭ ᠦᠶ᠎ᠡ ᠶᠢᠨ ︽ᠶᠡᠭᠡ ᠵᠢᠳᠬᠦᠯ ᠴᠢᠷᠮᠠᠶᠢᠯᠭ᠎ᠠ︾ ᠲᠠᠢ ᠪᠠᠶᠢᠬᠤ

ᠬᠡᠷᠡᠭᠲᠡᠶ ᠭᠡᠵᠡᠢ᠃

     ᠹᠧᠩ ᠰᠢᠤᠸᠠᠢ ᠲᠤᠤ ᠶᠠᠷᠢᠶᠠᠨ ᠤ ᠪᠠᠨ ᠡᠴᠦᠰ ᠲᠡᠭᠡᠨ ᠬᠡᠯᠡᠭᠰᠡᠨ ᠨᠢ᠂ ᠰᠢᠨ᠎ᠡ ᠴᠠᠭ ᠦᠶ᠎ᠡ ᠠᠴᠠ ᠰᠢᠨ᠎ᠡ

ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ

ᠤᠷᠢᠶᠠᠯᠠᠪᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ

ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ

ᠳᠣᠣᠷ᠎ᠠ᠂ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ

ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠦᠬᠦ

ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠭᠤᠣᠯᠴᠢ ᠪᠠᠷ

ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠮᠠᠨ ᠤ ᠬᠤᠳᠠ ᠶᠢᠨ ᠡᠬᠢ

ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂

ᠵᠢᠱᠢᠶ᠎ᠡ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ

ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ

ᠡᠷᠭᠦᠬᠦ ᠬᠡᠷᠡᠭᠳᠡᠢ ᠭᠡᠵᠡᠢ᠃

     ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠴᠢᠶᠣᠤ ᠢᠦᠢ᠂ ᠸᠠᠩ ᠵᠢᠢ ᠫᠢᠩ᠂ ᠵᠠᠩ ᠮᠢᠩ

ᠮᠢᠩ᠂ ᠭᠤᠤ ᠪᠥᠸᠧ᠂ ᠵᠠᠩ ᠸᠧᠢ᠂ ᠵᠠᠩ ᠶᠦᠩ᠂ ᠴᠧᠩ ᠵᠦᠩ ᠵᠦᠩ᠂ ᠹᠦ᠋ ᠲᠢᠩ ᠯᠢᠨ᠂ ᠸᠠᠩ ᠰᠢᠶᠠᠨ ᠭᠠᠩ᠂ ᠵᠠᠩ

ᠬᠤᠩ ᠪᠢᠨ᠂ ᠱᠤᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠯᠢ ᠾᠧ ᠫᠢᠩ᠂ ᠯᠢᠦ ᠴᠠᠩ ᠾᠦᠢ᠂ ᠵᠤᠤ

ᠯᠢᠶᠠᠩ᠂ ᠲᠢᠶᠠᠨ ᠴᠧᠩ ᠵᠢᠶᠦ᠋ᠨ᠂ ᠹᠠᠨ ᠴᠢᠤᠸᠠᠨ᠂ ᠴᠢᠶᠣᠤ ᠲᠢᠶᠠᠨ ᠹᠧᠩ᠂ ᠯᠢ ᠫᠢᠩ ᠪᠣᠯᠤᠨ ᠶᠡᠭᠡ ᠬᠤᠷᠠᠯ ᠤᠨ

ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠪᠤᠢ᠃

     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号