ᠤᠯᠤᠰ ᠲᠦᠷᠦ ᠶᠢᠨ ᠵᠥᠪᠯᠡᠯᠭᠡᠨ ᠤ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2025/1/16
     1 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠰᠠᠨ ᠤ ᠳᠠᠷᠠᠭ᠎ᠠ ᠲᠡᠭᠦᠰᠪᠡ᠃      2024 ᠣᠨ ᠳᠤ᠂ ᠬᠠᠶᠢᠨᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠡᠭᠡ ᠲᠠᠯ᠎ᠠ ᠶᠢᠨ ᠲᠣᠭᠤᠷᠢᠨ ᠳᠤ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠬᠥᠭᠵᠢᠯᠲᠡ ᠶᠢᠨ ᠰᠢᠨ᠎ᠡ ᠶᠢ ᠡᠭᠦᠳᠬᠦ ᠰᠢᠪᠲᠤᠯᠤᠯᠲᠠ ᠶᠢ ᠪᠣᠳᠣᠯᠬᠢᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠬᠦᠴᠦᠨ ᠨᠡᠮᠡᠷᠢᠯᠡᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠦᠢᠯᠡᠴᠢᠯᠡᠬᠦ ᠳᠤᠮᠳᠠ ᠢᠳᠡᠪᠬᠢᠲᠡᠢ ᠬᠤᠪᠢ ᠨᠡᠮᠡᠷᠢ ᠦᠵᠡᠭᠦᠯᠪᠡ᠃      2025 ᠣᠨ ᠳᠤ᠂ ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠤᠨ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ ᠲᠣᠣᠱᠯᠠᠭᠤᠯᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠭᠦᠨᠵᠡᠭᠡᠢ ᠵᠥᠪᠳᠡᠯᠴᠡᠨ ᠦᠢᠯᠡᠳᠦᠯᠴᠡᠬᠦ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠦᠢᠯᠡᠴᠢᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠬᠦᠴᠦᠨ ᠨᠡᠮᠡᠷᠢᠯᠡᠵᠦ᠂ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢ ᠪᠠᠶᠠᠯᠢᠭᠵᠢᠭᠤᠯᠬᠤ ᠳᠤ ᠨᠡᠩ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号