1 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠳᠤ ᠣᠷᠣᠯᠴᠠᠭᠰᠠᠨ ᠮᠠᠨ ᠤ | ᠬᠤᠲᠠ ᠶᠢᠨ ᠭᠡᠰᠢᠭᠦᠳ ᠡᠯ᠎ᠡ ᠡᠲᠡᠭᠡᠳ ᠢᠯᠭᠠᠯ ᠤᠨ ᠳᠤᠭᠤᠶᠢᠯᠠᠩ ᠳᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠢ ᠶᠠᠷᠢᠯᠴᠠᠪᠠ᠃ | ᠤᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ᠂ ᠰᠠᠨᠠᠯ | ᠨᠢᠭᠡᠳᠡᠢ ᠦᠵᠡᠭᠰᠡᠨ ᠨᠢ᠂ ᠢᠯᠡᠳᠭᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠵᠤ᠂ ᠠᠮᠵᠢᠯᠲᠠ ᠪᠠᠨ ᠳ᠋ᠦᠩᠨᠡᠭᠰᠡᠨ ᠨᠢ | ᠦᠨᠡᠨ ᠠᠴᠠ ᠵᠥᠪ ᠢ ᠡᠷᠢᠵᠦ᠂ ᠠᠰᠠᠭᠤᠳᠠᠯ ᠢᠶᠠᠨ ᠵᠠᠳᠠᠯᠤᠭᠰᠠᠨ ᠨᠢ ᠣᠨᠣᠴᠢᠳᠠᠢ᠂ ᠬᠠᠷᠠᠯᠲᠠ ᠪᠠᠨ ᠲᠤᠭᠳᠠᠭᠠᠭᠰᠠᠨ | ᠨᠢ ᠣᠷᠮ᠎ᠠ ᠶᠢ ᠬᠦᠭᠵᠢᠭᠡᠮᠡ᠂ ᠠᠵᠢᠯ ᠤᠨ ᠠᠷᠭ᠎ᠠ ᠬᠡᠮᠵᠢᠶ᠎ᠡ ᠪᠠᠨ ᠪᠠᠶᠢᠷᠢᠯᠠᠭᠤᠯᠤᠭᠰᠠᠨ ᠨᠢ ᠴᠢᠩᠭ᠎ᠠ ᠬᠦᠴᠦᠲᠡᠢ | ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠰᠡᠨ ᠠᠵᠢᠯ ᠤᠨ ᠰᠤᠷᠲᠠᠯ ᠢᠶᠠᠨ ᠢᠯᠡᠷᠡᠭᠦᠯᠵᠦ᠂ ᠠᠷᠠᠳ | ᠲᠦᠮᠡᠨ ᠢ ᠳᠡᠭᠡᠳᠦᠯᠡᠬᠦ ᠦᠨᠳᠦᠰᠦᠨ ᠵᠣᠷᠢᠯᠲᠠ ᠪᠠᠨ ᠲᠤᠪᠤᠶᠢᠯᠭᠠᠵᠤ᠂ ᠲᠤᠭ ᠢ ᠥᠨᠳᠥᠷ ᠮᠠᠨᠳᠤᠭᠤᠯᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ | ᠢᠯᠡᠳᠬᠡᠯ ᠪᠣᠯᠵᠠᠢ ᠭᠡᠵᠡᠢ᠃ ᠤᠯᠠᠨ ᠢᠶᠠᠷ ᠢᠶᠠᠨ ᠢᠯᠡᠷᠭᠡᠶᠢᠯᠡᠭᠰᠡᠨ ᠨᠢ᠂ ᠬᠤᠶᠢᠰᠢᠳᠠ ᠶᠢᠨ ᠠᠵᠢᠯ ᠤᠨ ᠳᠤᠮᠳᠠ ᠪᠠᠨ | ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠪᠦᠬᠦ ᠣᠷᠣᠨ ᠤ ᠭᠤᠣᠯ | ᠠᠵᠢᠯ ᠤᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠡᠭᠦᠷᠭᠡ | ᠬᠠᠷᠢᠭᠤᠴᠠᠯᠭ᠎ᠠ ᠪᠠᠨ ᠴᠢᠨᠠᠷ ᠰᠠᠶᠢᠲᠠᠢ ᠭᠦᠢᠴᠡᠳᠬᠡᠬᠦ ᠪᠠᠷ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠨ᠎ᠡ ᠭᠡᠵᠡᠢ᠃ | ᠶᠠᠷᠢᠯᠴᠠᠬᠤ ᠳᠤᠮᠳᠠ᠂ ᠭᠡᠰᠢᠭᠦᠳ ᠪᠠᠰᠠ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ | ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ | ᠵᠡᠷᠭᠡ ᠲᠠᠯ᠎ᠠ ᠪᠠᠷ ᠰᠠᠨᠠᠭᠤᠯᠭ᠎ᠠ ᠳᠤᠷᠠᠳᠪᠠ᠃ |