1 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ | ᠬᠤᠷᠠᠯ ᠳᠤ ᠣᠷᠣᠯᠴᠠᠭᠰᠠᠨ ᠦᠬᠠᠢ ᠬᠤᠲᠠ ᠶᠢᠨ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠹᠧᠩ ᠰᠢᠤᠸᠠᠢ ᠲᠤᠤ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠭᠰᠣᠴᠠ | ᠥᠨᠳᠥᠷ᠂ ᠰᠡᠳᠬᠢᠴᠡ ᠲᠣᠳᠣᠷᠬᠠᠢ᠂ ᠠᠭᠤᠯᠭ᠎ᠠ ᠪᠣᠳᠠᠲᠠᠢ᠂ ᠲᠤᠭ ᠢ ᠥᠨᠳᠥᠷ ᠮᠠᠨᠳᠤᠭᠤᠯᠤᠭᠰᠠᠨ᠂ ᠰᠡᠳᠬᠢᠯ ᠢᠶᠠᠨ | ᠨᠢᠭᠡᠳᠬᠡᠨ ᠬᠦᠴᠦᠨ ᠢᠶᠠᠨ ᠲᠥᠪᠯᠡᠷᠡᠭᠦᠯᠦᠭᠰᠡᠨ᠂ ᠬᠥᠮᠦᠰ ᠤᠨ ᠰᠡᠳᠭᠢᠯ ᠢ ᠵᠤᠷᠢᠭᠵᠢᠭᠤᠯᠤᠭᠰᠠᠨ᠂ ᠬᠥᠮᠦᠰ ᠢ | ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ ᠢᠯᠡᠳᠭᠡᠯ ᠪᠣᠯᠵᠠᠢ ᠭᠡᠵᠡᠢ᠃ | ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠪᠣᠳᠠᠲᠤ ᠪᠠᠶᠢᠳᠠᠯ ᠲᠠᠢ | ᠪᠠᠨ ᠤᠶᠠᠯᠳᠤᠭᠤᠯᠤᠨ᠂ ᠹᠧᠩ ᠰᠢᠤᠸᠠᠢ ᠲᠤᠤ ᠬᠤᠶᠠᠷ ᠰᠠᠨᠠᠭᠤᠯᠭ᠎ᠠ ᠳᠤᠷᠠᠳᠪᠠ᠃ ᠨᠢᠭᠡ ᠳᠤ᠂ ᠥᠪᠡᠷᠲᠡᠭᠡᠨ ᠵᠠᠰᠠᠬᠤ | ᠣᠷᠣᠨ ᠠᠴᠠ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠭᠠᠭᠴᠠ ᠣᠳᠠᠭ᠎ᠠ ᠬᠡᠷᠡᠭᠯᠡᠬᠦ | ᠵᠠᠳᠠᠷᠠᠵᠤ ᠦᠯᠦ ᠪᠤᠯᠬᠤ ᠰᠦᠯᠢᠶᠣᠣ ᠶᠢᠨ ᠪᠦᠲᠦᠭᠡᠭᠳᠡᠬᠦᠨ ᠢ ᠴᠠᠭᠠᠵᠠᠯᠠᠬᠤ ᠬᠤᠯᠪᠤᠭᠳᠠᠯ ᠪᠦᠬᠦᠢ ᠬᠠᠤᠯᠢ | ᠲᠣᠭᠲᠠᠭᠠᠯ ᠢ ᠨᠡᠶᠢᠲᠡᠯᠡᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠤ ᠪᠠᠲᠤᠯᠠᠭ᠎ᠠ ᠬᠠᠩᠭᠠᠪᠠᠯ ᠵᠤᠬᠢᠨ᠎ᠠ | ᠭᠡᠬᠦ ᠰᠠᠨᠠᠭᠤᠯᠭ᠎ᠠ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠠᠴᠠ ᠦᠬᠠᠢ ᠵᠢᠴᠢ ᠡᠷᠬᠢᠨ ᠲᠣᠭᠤᠷᠢᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠨᠡᠶᠢᠳᠬᠡᠵᠦ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠲᠣᠭᠲᠠᠴᠠ ᠪᠠᠨ ᠰᠢᠯᠤᠭᠤᠳᠬᠠᠵᠤ᠂ ᠠᠵᠤ ᠦᠢᠯᠡᠰ ᠤᠨ ᠴᠢᠳᠠᠮᠵᠢ ᠶᠢᠨ ᠪᠠᠶᠢᠷᠢᠰᠢᠭᠤᠯᠤᠯᠲᠠ | ᠪᠣᠯᠤᠨ ᠰᠠᠭᠤᠷᠢ ᠲᠥᠬᠦᠭᠡᠷᠦᠮᠵᠢ ᠪᠠᠨ ᠰᠢᠯᠢᠳᠡᠭᠵᠢᠭᠦᠯᠵᠦ᠂ ᠣᠷᠣᠨ ᠪᠦᠰᠡ ᠶᠢᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠤᠨ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠪᠠᠷᠠᠭᠤᠨ ᠣᠷᠣᠨ ᠤ ᠲᠦᠮᠡᠨ ᠳ᠋ᠦᠩᠰᠢᠭᠤᠷ ᠲᠡᠰ ᠤᠨ ᠤᠯᠤᠰ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠪᠠᠶᠢᠭᠤᠯᠪᠠᠯ ᠵᠤᠬᠢᠨ᠎ᠠ ᠬᠡᠬᠦ ᠰᠠᠨᠠᠭᠤᠯᠭ᠎ᠠ᠃ |