1 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠤᠨ | ᠦᠬᠠᠢ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ | ᠵᠦᠪᠯᠡᠬᠦ ᠳᠤ ᠣᠷᠣᠯᠴᠠᠪᠠ᠃ | ᠼᠦᠢ ᠵᠢᠩ ᠶᠢᠩ ᠬᠡᠯᠡᠭᠰᠡᠨ ᠨᠢ᠂ ᠸᠠᠩ ᠯᠢ ᠰᠢᠶᠠ ᠲᠡᠷᠢᠭᠦᠯᠡᠭᠴᠢ ᠶᠢᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠡᠮᠦᠨ᠎ᠡ ᠠᠴᠠ ᠬᠢᠭᠰᠡᠨ ᠠᠵᠢᠯ ᠤᠨ ᠢᠯᠡᠳᠬᠡᠯ ᠤᠨ ᠤᠯᠤᠰ ᠲᠥᠷᠥ ᠶᠢᠨ ᠵᠣᠭᠰᠣᠴᠠ | ᠥᠨᠳᠥᠷ᠂ ᠠᠮᠵᠢᠯᠲᠠ ᠪᠠᠨ ᠳ᠋ᠦᠩᠨᠡᠭᠰᠡᠨ ᠨᠢ ᠪᠤᠳᠠᠳᠠᠢ᠂ ᠰᠡᠳᠬᠢᠮᠵᠢ ᠪᠠᠨ ᠲᠦᠯᠦᠪᠵᠢᠬᠦᠯᠦᠭᠰᠡᠨ ᠨᠢ ᠲᠣᠳᠣᠷᠬᠠᠶ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠭᠰᠠᠨ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠭᠰᠠᠨ | ᠰᠠᠶᠢᠨ ᠢᠯᠡᠳᠬᠡᠯ ᠮᠥᠨ᠃ ᠦᠬᠠᠢ ᠬᠤᠳᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ᠂ ᠭᠤᠣᠯᠳᠠᠯᠭ᠎ᠠ ᠲᠠᠢ ᠲᠦᠷᠦᠯ ᠵᠦᠢᠯ ᠳᠤ ᠰᠢᠪᠲᠤᠯᠤᠯᠳᠠ ᠬᠢᠬᠦ᠂ ᠡᠯᠧᠮᠧᠨ᠋ᠲ ᠤᠨ | ᠪᠠᠲᠤᠯᠠᠭ᠎ᠠ ᠪᠠᠨ ᠰᠠᠶᠢᠲᠤᠷ ᠠᠳᠬᠤᠬᠤ᠂ ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠶᠢ ᠪᠦᠬᠦ | ᠬᠦᠴᠦᠨ ᠢᠶᠠᠷ ᠬᠡᠷᠡᠭᠵᠢᠬᠦᠯᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ | ᠪᠠᠲᠤ ᠡᠭᠦᠷᠭᠡᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ ᠰᠠᠶᠢᠲᠤᠷ ᠠᠳᠬᠤᠵᠤ᠂ ᠬᠠᠮᠠᠭᠠᠯᠠᠨ | ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠶ ᠶᠢᠨ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠭᠤᠷᠪᠠᠨ ᠠᠵᠤ ᠦᠢᠯᠡᠰ ᠤᠨ | ᠪᠦᠲᠦᠴᠡ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠯᠬᠤᠮ ᠢ | ᠠᠯᠬᠤᠬᠤ ᠶᠢ ᠠᠬᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠭᠠᠳᠠᠭᠠᠳᠤ | ᠨᠡᠭᠡᠭᠡᠯᠲᠡ ᠶᠢ ᠭᠦᠨ ᠳᠡᠰ ᠳᠠᠪᠬᠤᠷᠭ᠎ᠠ ᠪᠠᠷ ᠥᠷᠭᠡᠳᠬᠡᠵᠦ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠳᠠᠯ ᠢ | ᠡᠭᠦᠳᠬᠦ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠢᠮᠠᠭᠲᠠ ᠰᠠᠶᠢᠲᠤᠷ ᠬᠢᠵᠦ᠂ ᠠᠮᠤᠷ | ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ | ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠡᠢ᠃ | |